ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 105 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/5
       6 ᠰᠠᠷ᠎ᠠ ᠶᠢᠨ 3᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠤ ᠶᠦᠨ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 105 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃
640.jpg
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠪᠥᠬᠦ ᠬᠤᠲᠠ ᠶᠢᠨ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠪᠣᠳᠠᠲᠠᠢ ᠪᠠᠷ ᠠᠵᠢᠯᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠠ᠃       ᠬᠤᠷᠠᠯ ᠠᠴᠠ 5 ᠰᠠᠷ᠎ᠠ ᠶᠢᠨ 27᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾᠎ ᠢ ᠬᠢᠨᠠᠮᠠᠭᠠᠢ ᠰᠤᠳᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠤᠰᠬᠠᠢ ᠨᠠᠷᠢᠯᠢᠭ ᠣᠨᠴᠠ ᠰᠢᠨ᠎ᠡ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠨ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠪᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠭᠠᠭᠠᠴᠢᠯᠠᠨ ᠬᠤᠯᠪᠣᠭᠠᠯᠠᠵᠤ ᠰᠢᠢᠳᠪᠦᠷᠢᠯᠡᠬᠦ ᠶᠢ ᠴᠢᠩᠭᠠᠳᠬᠠᠵᠤ᠂ ︽ᠨᠢᠭᠡ ᠬᠡᠷᠡᠭ ᠲᠤ ᠨᠢᠭᠡ ᠲᠤᠰᠬᠠᠢ ᠠᠩᠭᠢ︾ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ︾ ᠶᠣᠰᠣᠭᠠᠷ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠠᠭᠠᠭᠠᠴᠢᠯᠠᠨ ᠬᠤᠯᠪᠣᠭᠠᠯᠠᠵᠤ ᠤᠴᠢᠷ ᠶᠠᠪᠤᠳᠠᠯ ᠳᠠᠭᠤᠰᠬᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠎ ᠲᠤᠨᠢ ᠲᠣᠭᠲᠠᠪᠤᠷᠢᠲᠠᠢ ᠬᠢᠵᠠᠭᠠᠷᠯᠠᠵᠤ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ᠃ ᠰᠣᠷᠪᠤᠯᠵᠢᠯᠠᠭ᠎ᠠ ᠶᠢ ᠬᠠᠮᠲᠤᠷᠠᠨ ᠬᠦᠯᠢᠶᠡᠨ ᠠᠪᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠤᠷᠰᠢᠯᠭ᠎ᠠ ᠪᠠ ᠠᠷᠭ᠎ᠠ ᠪᠠᠨ ᠳᠡᠯᠭᠡᠷᠡᠭᠦᠯᠬᠦ ᠶᠢ ᠴᠢᠬᠤᠯᠠᠴᠢᠯᠠᠵᠤ᠂ ︽ᠨᠢᠭᠡ  ᠦᠷᠳᠡᠬᠡᠴᠢᠯᠡᠭᠰᠡᠨ ᠮᠠᠶ᠋ᠢᠭ︾᠎ ᠤᠨ ᠵᠠᠬᠢᠳᠠᠯ ᠰᠤᠷᠪᠤᠯᠵᠢᠯᠠᠯ ᠤᠨ ᠦᠢᠯᠡᠴᠢᠯᠡᠭᠡᠨ ᠤ ᠦᠯᠢᠭᠡᠷ ᠳᠠᠭᠤᠷᠢᠶᠠᠯ ᠢ ᠴᠢᠷᠮᠠᠶᠢᠨ ᠡᠭᠦᠳᠦᠨ ᠪᠠᠶᠢᠭᠤᠯᠬᠤ ᠬᠡᠷᠡᠭᠲᠡᠢ ᠬᠡᠪᠡ᠃       ᠬᠤᠷᠠᠯ ᠳᠡᠭᠡᠷ᠎ᠡ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠤᠪᠠ᠃ ᠠᠵᠢᠯ ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ︽ᠪᠤᠴᠠᠵᠤ ᠨᠡᠭᠦᠬᠦ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ︽ᠢᠯᠭᠠᠷᠠᠭᠤᠯᠤᠨ ᠪᠤᠳᠤᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠲᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠠ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠵᠡᠨ ᠬᠤᠷᠤᠭ᠎ᠠ ᠬᠤᠰᠢᠭᠤ ᠶᠢ ᠲᠣᠭᠤᠷᠢᠨ ᠪᠠᠶᠢᠴᠠᠭᠠᠭᠰᠠᠨ ᠬᠠᠷᠢᠭᠤ ᠲᠤᠰᠬᠠᠯᠳᠠ ᠶᠢᠨ ᠰᠠᠨᠠᠯ ᠢ ᠴᠡᠭᠴᠡᠯᠡᠨ ᠥᠭᠡᠷᠡᠴᠢᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ︽ᠡᠵᠡᠨ ᠬᠤᠷᠤᠭ᠎ᠠ ᠬᠤᠰᠢᠭᠤᠨ ᠤ ᠭᠡᠷ ᠤᠨ ᠣᠶᠢᠷᠠᠯᠴᠠᠭ᠎ᠠ ᠰᠤᠷᠭᠠᠭᠤᠯᠢ ᠳᠤ ᠣᠷᠣᠬᠤ ᠬᠡᠷᠡᠭᠵᠢᠭᠦᠯᠬᠦ ᠲᠥᠰᠥᠯ︾ ︽ᠡᠵᠡᠨ ᠬᠤᠷᠤᠭ᠎ᠠ ᠬᠤᠰᠢᠭᠤᠨ ᠤ ᠭᠡᠷ ᠤᠨ ᠣᠶᠢᠷᠠᠯᠴᠠᠭ᠎ᠠ ᠰᠣᠶᠣᠯ ᠲᠠᠮᠢᠷ ᠤᠨ ᠠᠵᠢᠯᠯᠠᠭ᠎ᠠ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ︾ ᠎ ᠢ ᠬᠢᠨᠠᠨ ᠵᠥᠪᠯᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ