ᠡᠤ ᠶᠦᠨ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2024/6/7
      6 ᠰᠠᠷ᠎ᠠ ᠶᠢᠨ 6᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠡᠤ ᠶᠦᠨ ᠬᠤᠷᠠᠯ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠲᠣᠬᠢᠷᠠᠭᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠦ᠋ ᠶᠦᠨ  ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠲᠤᠬᠢᠷᠠᠭᠤᠯᠤᠨ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠪᠣᠯᠤᠨ᠎ᠠ᠂ ︽ᠲᠠᠪᠤᠨ ᠶᠡᠭᠡ ᠡᠭᠦᠷᠭᠡ︾᠎ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠣᠯ ᠪᠦᠬᠦ ᠬᠤᠰᠢᠭᠤᠨ ᠤ ᠡᠷᠬᠡᠪᠰᠢ ᠡᠷᠡᠰ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠬᠠᠲᠠᠭᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠯᠬᠤᠮ ᠠᠯᠤᠰᠯᠠᠨ ᠠᠵᠢᠯ ᠢᠶᠠᠨ ᠠᠳᠬᠤᠵᠤ᠂ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠣᠷᠣᠨ ᠪᠦᠰᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠥᠪᠡᠷᠮᠢᠴᠡ ᠣᠨᠴᠠᠯᠢᠭ ᠲᠠᠢ ᠳᠠᠪᠠᠭᠤᠯᠢᠭ ᠢᠶᠠᠨ ᠲᠤᠪᠤᠶᠢᠯᠭᠠᠨ᠂ ᠠᠰᠠᠭᠤᠳᠠᠯ ᠢ ᠰᠢᠢᠳᠪᠦᠷᠢᠯᠡᠬᠦ ᠪᠠᠷ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠪᠣᠯᠭᠠᠵᠤ᠂ ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠢᠳᠡᠪᠬᠢᠲᠡᠶ ᠪᠠᠷ   ᠲᠡᠭᠡᠳᠦ ᠱᠠᠳᠤᠨ ᠲᠠᠢ ᠪᠠᠨ ᠨᠡᠪᠲᠡᠷᠡᠯᠴᠡᠨ ᠵᠣᠯᠭᠠᠭᠤᠯᠵᠤ᠂ ᠲᠥᠷᠥᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠪᠠᠯᠠ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠡᠯ᠎ᠡ  ᠵᠦᠢᠯ ᠤᠨ ᠡᠭᠦᠷᠭᠡ ᠶᠢ  ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃  ᠡᠤ ᠶᠦᠨ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠶᠡᠭᠡ  ᠰᠢᠢᠳᠪᠦᠷᠢᠳᠤ ᠪᠣᠳᠣᠯᠭ᠎ᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ᠂ ᠬᠥᠰᠢᠭᠦᠷᠭᠡ ᠶᠢᠨ ᠴᠢᠨᠠᠷᠲᠠᠶ  ᠦᠢᠯᠡᠳᠦᠯ ᠲᠠᠢ ᠶᠤᠮ᠃ ︽ᠵᠢᠷᠭᠤᠭᠠᠨ ᠢᠨᠵᠧᠨᠧᠷᠢᠩ︾᠎ ᠢ ᠪᠥᠬᠦ ᠵᠢᠯ ᠤᠨ ᠡᠯ᠎ᠡ  ᠵᠦᠢᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠠᠩᠰᠠ ᠲᠤᠰᠢᠶᠠᠬᠤ ᠤᠬᠠᠮᠰᠠᠷ᠂ ᠵᠠᠩᠭᠢᠯᠠᠭ᠎ᠠ ᠶᠢᠨ ᠴᠡᠭ ᠢ ᠪᠠᠲᠤ ᠪᠣᠶ ᠪᠣᠯᠭᠠᠵᠤ᠂ ᠢᠨᠵᠧᠨᠧᠷᠢᠩ ᠨᠢᠭᠡᠪᠦᠷᠢ ᠶᠢᠨ ᠪᠡᠯᠭᠡ ᠲᠡᠮᠳᠡᠭ ᠤᠨ ᠴᠢᠨᠠᠷᠲᠠᠶ ᠲᠥᠷᠥᠯ  ᠵᠦᠢᠯ ᠢ ᠲᠣᠳᠣᠷᠬᠠᠶᠢᠯᠠᠨ᠂ ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠤᠨ ᠬᠡᠮᠵᠢᠶᠡᠵᠢᠭᠦᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠪᠣᠭᠤᠮᠲᠠ ᠰᠢᠪᠲᠤᠯᠬᠤ ᠤᠬᠠᠮᠰᠠᠷ ᠢ ᠴᠢᠩᠭᠠᠳᠬᠠᠨ᠂ ᠢᠨᠵᠧᠨᠧᠷᠢᠩ ᠨᠢᠭᠡᠪᠦᠷᠢ ᠶᠢ ᠴᠥᠮ ᠲᠣᠭᠲᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃       ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂  ᠮᠸᠡᠭ ᠰᠣ᠋ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ