ᠣᠷᠳᠣᠰ ᠬᠤᠲᠠ ᠶᠢᠨ ᠰᠢᠯᠭᠠᠭᠤᠯᠤᠭᠴᠢ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠬᠤᠭᠤᠴᠠᠭᠠᠨ ᠳᠤ  ᠰᠦᠢᠳᠭᠡᠯ ᠬᠤᠷᠢᠶᠠᠬᠤ ᠥᠬᠡᠶ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠣᠯᠤᠨ᠎ᠠ
ᠨᠡᠶᠢᠲᠡᠯᠡᠭᠰᠡᠨ ᠴᠠᠭ᠄
2024/6/7
ᠥᠷᠭᠡᠨ ᠣᠯᠠᠨ ᠬᠤᠲᠠ ᠶᠢᠨ ᠠᠷᠠᠳ ᠲᠤ ᠄       2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ᠂ ᠥᠷᠭᠡᠨ ᠣᠯᠠᠨ ᠰᠢᠯᠭᠠᠭᠤᠯᠤᠭᠴᠢ ᠶᠢᠨ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠢᠶᠠᠨ ᠠᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠠᠢ ᠬᠠᠮᠲᠤᠷᠠᠨ 6 ᠰᠠᠷ᠎ᠠ ᠶᠢᠨ 7᠎ ᠤ ᠡᠳᠦᠷ ᠠᠴᠠ 8᠎ ᠤ ᠡᠳᠦᠷ ︵ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭ᠎ᠠ︶ ᠪᠣᠯᠤᠨ 6 ᠰᠠᠷ᠎ᠠ ᠶᠢᠨ 25᠎ ᠤ ᠡᠳᠦᠷ ᠠᠴᠠ 28᠎ ᠤ ᠡᠳᠦᠷ ︵ᠥᠨᠳᠥᠷ ᠳᠤᠮᠳᠠᠳᠤ ᠳᠤ ᠰᠢᠯᠭᠠᠭᠤᠯᠬᠤ ᠬᠤᠭᠤᠴᠠᠭ᠎ᠠ︶ ᠪᠣᠯᠲᠠᠯ᠎ᠠ᠂ ᠰᠢᠯᠭᠠᠭᠤᠯᠤᠭᠴᠢ ᠳᠤ  ᠰᠦᠢᠳᠭᠡᠯ ᠬᠤᠷᠢᠶᠠᠬᠤ ᠥᠬᠡᠶ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ  ᠦᠢᠯᠡᠴᠢᠯᠡᠭᠡ  ᠬᠠᠨᠭ᠍ᠭᠠᠨ᠎ᠠ᠃ ᠳᠡᠭᠡᠳᠦ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠰᠢᠯᠭᠠᠭᠤᠯᠬᠤ ᠦᠨᠡᠮᠯᠡᠯ ᠢᠶᠠᠷ ᠢᠶᠠᠨ ᠬᠤᠲᠠ ᠶᠢᠨ ᠲᠣᠭᠤᠷᠢᠭ ᠤᠨ ᠪᠣᠶ ᠪᠥᠬᠦᠶ ᠨᠡᠶᠢᠲᠡ ᠶᠢᠨ ᠮᠠᠰᠢᠨ ᠳᠤ ᠰᠦᠢᠳᠭᠡᠯ ᠬᠤᠷᠢᠶᠠᠬᠤ ᠥᠬᠡᠶ ᠪᠠᠷ ᠰᠠᠭᠤᠵᠤ ᠪᠣᠯᠤᠨ᠎ᠠ᠂ ᠲᠡᠷᠭᠡᠨ ᠳᠤ ᠭᠠᠷᠤᠭᠰᠠᠨ ᠤ ᠳᠠᠷᠠᠭ᠎ᠠ ᠰᠢᠯᠭᠠᠭᠤᠯᠬᠤ ᠦᠨᠡᠮᠯᠡᠯ ᠢᠶᠠᠨ ᠵᠢᠯᠣᠭᠤᠴᠢ ᠳᠤ ᠦᠵᠡᠭᠦᠯᠪᠡᠯ ᠳᠠᠷᠤᠶ ᠰᠦᠢᠳᠭᠡᠯ ᠬᠤᠷᠢᠶᠠᠬᠤ ᠥᠬᠡᠶ ᠪᠠᠷ ᠲᠡᠷᠭᠡᠨ ᠳᠤ ᠰᠠᠭᠤᠵᠤ ᠪᠣᠯᠤᠨ᠎ᠠ᠃ ᠳᠣᠲᠣᠨᠣᠰᠤᠭ ᠰᠠᠨᠠᠭᠤᠯᠤᠮᠵᠢ᠄ 1 . ᠰᠢᠯᠭᠠᠭᠤᠯᠤᠭᠴᠢᠳ ᠭᠠᠳᠠᠭᠰᠢ ᠭᠠᠷᠬᠤ ᠴᠠᠭ ᠪᠠ ᠵᠠᠮ ᠱᠤᠭᠤᠮ ᠢᠶᠠᠨ ᠵᠦᠶ ᠵᠣᠬᠢᠰᠲᠠᠶ ᠲᠥᠯᠥᠪᠵᠢᠭᠦᠯᠵᠦ᠂ ᠵᠠᠮ ᠬᠠᠷᠢᠯᠴᠠᠭᠠᠨ ᠤ ᠰᠢᠯᠲᠠᠭᠠᠨ ᠠᠴᠠ ᠪᠣᠯᠵᠣ ᠰᠢᠯᠭᠠᠯᠲᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ 2 . ᠰᠢᠯᠭᠠᠭᠤᠯᠤᠭᠴᠢ ᠰᠢᠯᠭᠠᠭᠤᠯᠬᠤ ᠦᠨᠡᠮᠯᠡᠯ᠂ ᠪᠡᠶ᠎ᠡ ᠶᠢᠨ ᠦᠨᠡᠮᠯᠡᠯ ᠵᠡᠷᠭᠡ ᠰᠢᠯᠭᠠᠯᠲᠠ ᠶᠢᠨ ᠴᠢᠬᠤᠯᠠ ᠪᠥᠬᠦᠶ ᠡᠳ᠋ ᠪᠣᠳᠠᠰ ᠢᠶᠠᠨ ᠡᠷᠬᠡᠪᠰᠢ ᠪᠡᠶ᠎ᠡ ᠳᠡᠭᠡᠨ ᠠᠪᠴᠤ ᠶᠠᠪᠤᠭᠠᠷᠠᠶ᠃ 3 . ᠣᠨᠴᠠᠭᠠᠶ ᠪᠠᠶᠢᠳᠠᠯ ᠲᠣᠬᠢᠶᠠᠯᠳᠤᠪᠠᠯ᠂ ᠰᠢᠯᠭᠠᠭᠤᠯᠤᠭᠴᠢ ᠨᠡᠶᠢᠲᠡ ᠶᠢᠨ ᠮᠠᠰᠢᠨ ᠲᠡᠷᠭᠡᠨ ᠤ ᠦᠢᠯᠡᠴᠢᠯᠡᠭᠡᠨ ᠤ ᠬᠠᠯᠠᠮᠰᠢᠯ ᠤᠲᠠᠰᠤ ︵0477 — 8373600 / 0477 — 8374118︶᠎ ᠶᠢ ᠤᠲᠠᠰᠤᠳᠠᠵᠤ ᠬᠠᠪᠰᠤᠷᠤᠯᠭ᠎ᠠ  ᠭᠤᠶᠤᠴᠢᠯᠠᠵᠤ ᠪᠣᠯᠤᠨ᠎ᠠ᠃ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ        2024 ᠣᠨ ᠤ 6 ᠳ᠋ᠤᠭᠠᠷ ᠰᠠᠷ᠎ᠠ ᠶᠢᠨ 6᠎ ᠤ ᠡᠳᠦᠷ
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ