ᠪᠡᠯᠴᠢᠭᠡᠷᠯᠡᠭᠦᠯᠦᠨ ᠮᠠᠯᠵᠢᠬᠤ ᠶᠢ ᠬᠤᠷᠢᠭᠯᠠᠬᠤ ︽ᠰᠠᠨᠠᠭᠠᠴᠢᠯᠠᠭᠠᠲᠤ ᠲᠡᠶᠢᠨ︾᠎ ᠢ ᠰᠠᠶᠢᠲᠤᠷ ᠬᠢᠵᠦ ᠣᠷᠴᠢᠨ ᠲᠣᠭᠤᠷᠢᠨ ᠤ ︽ᠬᠠᠮᠠᠭᠠᠯᠠᠯᠲᠠ ᠶᠢᠨ      ᠲᠤᠤᠷ︾᠎ ᠢ ᠰᠠᠶᠢᠳᠤᠷ  ᠪᠠᠬᠢᠵᠢᠬᠦᠯᠦᠶ᠎ᠡ
ᠨᠡᠶᠢᠲᠡᠯᠡᠭᠰᠡᠨ ᠴᠠᠭ᠄
2024/6/8
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ  ᠪᠡᠯᠴᠢᠭᠡᠷᠯᠡᠭᠦᠯᠦᠨ ᠮᠠᠯᠵᠢᠬᠤ ᠶᠢ  ᠬᠤᠷᠢᠬᠯᠠᠬᠤ ᠰᠡᠯᠭᠦᠨ ᠮᠠᠯᠵᠢᠬᠤ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠯᠳᠠᠨᠰᠢᠷᠡᠭᠡᠳᠤ ᠪᠠᠯᠭᠠᠰᠤ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂  ᠪᠡᠯᠴᠢᠭᠡᠷᠯᠡᠬᠦᠯᠦᠨ ᠮᠠᠯᠵᠢᠬᠤ ᠶᠢ ᠬᠤᠷᠢᠬᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ᠃      ᠲᠣᠰᠬᠤᠨ ᠳᠤ ᠪᠠᠭᠤᠵᠤ ᠡᠷᠦᠬᠡ ᠳᠤ ᠬᠦᠨᠵᠡᠭᠡᠶᠢᠷᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ᠂ ᠰᠡᠷᠡᠮᠵᠢᠯᠡᠭᠦᠯᠬᠦ ᠫᠠᠶᠢᠰᠠ ᠵᠣᠬᠢᠶᠠᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠮᠠᠶ᠋ᠢᠭ ᠢᠶᠠᠷ᠂  ᠪᠠᠯᠴᠢᠭᠡᠷᠯᠡᠬᠦᠯᠦᠨ ᠮᠠᠯᠵᠢᠬᠤ ᠶᠢ  ᠬᠤᠷᠢᠬᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠤᠬᠠᠭᠤᠯᠵᠤ᠂  ᠪᠡᠯᠴᠢᠭᠡᠷᠯᠡᠬᠦᠯᠦᠨ ᠮᠠᠯᠵᠢᠬᠤ ᠶᠢᠬᠤᠷᠢᠬᠯᠠᠬᠤ ᠪᠠ ᠡᠪᠡᠰᠦ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠲᠥᠷᠥ ᠶᠢᠨ ᠪᠣᠳᠣᠯᠭ᠎ᠠ ᠶᠢ ᠮᠠᠯᠴᠢᠨ ᠲᠠᠷᠢᠶᠠᠴᠢᠳ ᠲᠤ ᠭᠤᠤᠯᠳᠠᠯᠭ᠎ᠠ ᠲᠠᠢ ᠲᠠᠶᠢᠯᠪᠤᠷᠢᠯᠠᠨ ᠥᠭᠴᠦ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠠᠰᠢᠭᠯᠠᠨ ᠪᠡᠯᠴᠢᠭᠡᠷᠯᠡᠬᠦᠯᠦᠯᠨ ᠮᠠᠯᠵᠢᠬᠤ ᠶᠢ  ᠬᠤᠷᠢᠬᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠵᠦ᠂ ᠣᠯᠠᠨ ᠲᠦᠮᠡᠨ ᠢ ᠬᠠᠪᠰᠤᠷᠤᠨ ᠮᠠᠯ ᠢ ᠬᠠᠰᠢᠶᠠᠯᠠᠨ ᠲᠡᠵᠢᠭᠡᠵᠦ ᠮᠠᠯᠵᠢᠬᠤ ︽ᠠᠮᠢ ᠠᠬᠤᠶ ᠶᠢᠨ ᠲᠠᠩᠰᠠ︾᠎ ᠶᠢ ᠰᠠᠶᠢᠲᠤᠷ ᠪᠤᠳᠤᠵᠤ᠂ ᠲᠠᠷᠢᠶᠠᠴᠢᠳ ᠤᠨ ᠬᠠᠰᠢᠶᠠᠯᠠᠨ ᠲᠡᠵᠢᠭᠡᠵᠦ  ᠮᠠᠯᠵᠢᠬᠤ ᠪᠠ ᠠᠮᠢ ᠠᠬᠤᠶ ᠶᠢᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠲᠤᠬᠠᠶ ᠲᠠᠨᠢᠯᠲᠠ  ᠬᠢᠭᠡᠳ ᠣᠶᠢᠯᠠᠭᠠᠯᠲᠠ ᠶᠢ ᠨᠢ ᠴᠢᠷᠮᠠᠶᠢᠨ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ  ᠪᠡᠯᠴᠢᠭᠡᠷᠡᠯᠬᠦᠯᠦᠨ ᠮᠠᠯᠵᠢᠬᠤ ᠶᠢ ᠬᠤᠷᠢᠬᠯᠠᠬᠤ ᠶᠢ ᠲᠤᠷ᠎ᠠ ᠦᠭᠡᠶᠢᠴᠡᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ  ᠪᠡᠯᠴᠢᠭᠡᠷᠯᠡᠬᠦᠯᠦᠨ ᠮᠠᠯᠵᠢᠬᠤ ᠶᠢ ᠬᠤᠷᠢᠬᠯᠠᠬᠤ ᠪᠤᠯᠭᠠᠨ ᠬᠤᠪᠢᠷᠠᠭᠤᠯᠤᠨ᠎ᠠ᠃      ᠳᠠᠷᠠᠭᠠᠴᠢ ᠶᠢᠨ ᠠᠯᠬᠤᠮ ᠳᠤ᠂  ᠠᠯᠳᠠᠨᠰᠢᠷᠡᠭᠡᠳᠤ ᠪᠠᠯᠭᠠᠰᠤ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠠᠴᠠ ᠵᠥᠷᠢᠴᠡᠨ ᠮᠠᠯ ᠮᠠᠯᠵᠢᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠤᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠣᠯᠤᠨ ᠤᠬᠠᠮᠰᠠᠷᠲᠤ ᠴᠢᠨᠠᠷ ᠢ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠬᠦᠯᠦᠨ ᠮᠠᠯᠵᠢᠬᠤ ᠶᠢ ᠬᠤᠷᠢᠬᠯᠠᠬᠤ  ᠰᠡᠯᠭᠦᠨ ᠮᠠᠯᠵᠢᠬᠤ ᠠᠵᠢᠯ ᠤᠨ ᠲᠦᠷᠢᠮ︾᠎ ᠤᠨ ᠲᠣᠭᠲᠠᠭᠠᠯ ᠢ ᠣᠯᠠᠨᠲᠠ ᠵᠥᠷᠢᠴᠡᠵᠦ᠂  ᠰᠢᠢᠳᠭᠡᠯ ᠲᠣᠷᠭᠠᠭᠤᠯᠢ ᠬᠦᠯᠢᠶᠡᠬᠦ ᠥᠬᠡᠶ ᠬᠥᠮᠦᠰ ᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠰᠢᠯᠵᠢᠭᠦᠯᠦᠨ ᠬᠦᠷᠭᠡᠵᠦ ᠠᠯᠪᠠᠳᠠᠯᠭ᠎ᠠ ᠪᠠᠷ ᠭᠡᠷᠡᠭᠵᠢᠬᠦᠯᠬᠦ ᠪᠤᠯᠤᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ