ᠨᠠᠷᠢᠨᠳᠤᠬᠤᠢ ᠪᠠᠯᠭᠠᠰᠤ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠣᠷᠴᠢᠨ ᠠᠬᠤᠢ ᠬᠠᠩᠭᠠᠨ᠎ᠠ
ᠨᠡᠶᠢᠲᠡᠯᠡᠭᠰᠡᠨ ᠴᠠᠭ᠄
2024/6/9
      ᠣᠶᠢᠷ᠎ᠠ ᠶᠢᠨ ᠵᠢᠯ ᠠᠴᠠ᠂ ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤ ᠨᠢ ᠰᠢᠯᠢᠳᠡᠭ ᠬᠤᠳᠠᠯᠳᠤᠭ᠎ᠠ ᠡᠷᠭᠢᠯᠡᠭᠦ ᠣᠷᠴᠢᠨ ᠠᠬᠤᠢ ᠪᠠᠷ ᠢᠶᠠᠨ ᠮᠠᠰᠢ ᠤᠯᠠᠨ ᠠᠵᠤ ᠠᠬᠤᠶᠢᠯᠠᠯ ᠤᠨ ᠠᠩᠬᠠᠷᠤᠯ ᠢ ᠲᠠᠲᠠᠪᠠ᠃ ᠡ᠊ᠨᠳᠡ ᠳᠠᠪᠠᠭᠤᠯᠢᠭ ᠰᠠᠶᠢᠨ ᠭᠠᠵᠠᠷ ᠵᠦᠢ ᠶᠢᠨ ᠪᠠᠶᠢᠷᠢᠰᠢᠯ᠂ ᠡᠯᠪᠡᠭ ᠳᠡᠯᠪᠡᠭ ᠡᠬᠢ ᠪᠠᠶᠠᠯᠢᠭ ᠪᠠᠶᠢᠬᠤ ᠪᠠᠷ ᠦᠯᠤ ᠪᠠᠷᠠᠮ᠂ ᠨᠠᠩ ᠴᠤ ᠨᠢᠭᠡᠨ ᠰᠠᠯᠠᠭ᠎ᠠ ᠤᠷᠢᠳᠴᠢᠯᠠᠨ ᠦᠢᠯᠡᠴᠢᠯᠡᠬᠦ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠤ ᠠᠬᠤᠶᠢᠯᠠᠯ ᠤᠨ ᠲᠥᠯᠥᠭᠡ ᠪᠣᠳᠣᠯᠬᠢᠯᠠᠬᠤ ᠦᠢᠯᠡᠴᠢᠯᠡᠭᠡᠨ ᠤ ᠪᠦᠯᠭᠦᠮ ᠨᠡᠶᠢᠲᠡ ᠲᠠᠢ ᠶᠤᠮ᠃ ᠳᠡᠳᠡ ᠪᠣᠳᠠᠲᠤ ᠠᠵᠢᠯᠯᠠᠭ᠎ᠠ ᠪᠠᠷ ᠢᠶᠠᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠂ ᠲᠦᠷᠭᠡᠨ ᠬᠥᠭᠵᠢᠯᠲᠡ ᠶᠢᠨ ᠵᠠᠮ ᠳᠤ ᠣᠷᠣᠭᠤᠯᠵᠠᠢ᠃      ᠨᠠᠷᠢᠨᠳᠤᠬᠤᠢ ᠪᠠᠯᠭᠠᠰᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠨᠠᠷᠢᠨᠳᠤᠬᠤᠢ ᠪᠠᠯᠭᠠᠰᠤᠨ ᠤ ᠨᠠᠨ ᠯᠢᠶᠠᠩ ᠨᠡᠭᠦᠷᠡᠰᠦᠨ ᠤ ᠬᠢᠵᠠᠭᠠᠷᠲᠤ ᠺᠤᠮᠫᠠᠨᠢ ᠶᠢᠨ ᠠᠯᠪᠠᠨ ᠭᠡᠷ ᠤᠨ ᠡᠷᠭᠢᠯᠡᠭᠴᠢ ᠬᠠᠨ ᠱᠢ ᠨᠢᠩ ᠨᠡᠭᠦᠷᠡᠰᠦᠨ ᠠᠭᠤᠷᠬᠠᠢ ᠶᠢᠨ ᠬᠤᠭᠤᠯᠠᠨ ᠭᠡᠷ ᠤᠨ ᠢᠳᠡᠭᠡᠨ ᠤ ᠵᠦᠢᠯ ᠤᠨ ᠡᠵᠡᠩᠨᠡᠯᠲᠡ ᠎ ᠶᠢᠨ ᠵᠥᠪᠰᠢᠶᠡᠷᠡᠯ ᠤᠨ ᠦᠨᠡᠮᠯᠡᠯ ᠢ ᠰᠠᠶ᠋ᠢᠬᠠᠨ ᠭᠦᠢᠴᠡᠳᠬᠡᠵᠦ ᠳᠠᠭᠤᠰᠬᠠᠪᠠ᠂ ᠲᠡᠷᠡ᠄ ︽ᠤᠳᠤ ᠵᠦᠪᠭᠡᠨ 15 ᠮᠢᠨᠦ᠋ᠲ ᠬᠡᠷᠡᠭᠯᠡᠪᠡᠯ ᠳᠠᠷᠤᠢ ᠦᠨᠡᠮᠯᠡᠯ ᠢᠶᠠᠨ ᠭᠦᠢᠴᠡᠳᠬᠡᠴᠢᠬᠡᠨ᠎ᠡ᠂ ᠥᠩᠭᠡᠷᠡᠭᠰᠡᠨ ᠤ ᠬᠢ ᠠᠴᠠ ᠨᠡᠩ ᠲᠦᠷᠭᠡᠨ᠂ ᠨᠡᠩ ᠲᠦᠭᠦᠮ ᠪᠣᠯᠵᠠᠢ᠂ ᠪᠢ ᠮᠠᠰᠢ ᠰᠡᠳᠬᠢᠯ ᠬᠠᠨᠤᠮᠵᠢᠲᠠᠢ ᠪᠠᠶᠢᠨ᠎ᠠ︕︾ ᠭᠡᠵᠦ ᠪᠠᠶᠠᠷ ᠎ ᠲᠠᠢ ᠶᠠᠷᠢᠨ᠎ᠠ᠃ ᠡᠨᠡ ᠨᠢ ᠵᠥᠪᠭᠡᠨ ᠨᠠᠷᠢᠨᠳᠤᠬᠤᠢ ᠪᠠᠯᠭᠠᠰᠤ ᠶᠢᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃      ᠠᠵᠤ ᠠᠬᠤᠶᠢᠯᠠᠯ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠶᠢᠨ ᠲᠥᠯᠥᠭᠡ᠂ ᠨᠠᠷᠢᠨᠳᠤᠬᠤᠢ ᠪᠠᠯᠭᠠᠰᠤ ᠶᠢᠨ ᠬᠢᠨ ᠥᠨᠳᠥᠷ ᠪᠠᠷᠢᠮᠵᠢᠶ᠎ᠠ ᠪᠠᠷ ᠪᠠᠯᠭᠠᠰᠤ᠂ ᠲᠣᠰᠬᠤᠨ ᠬᠤᠶᠠᠷ ᠱᠠᠲᠤᠨ ᠤ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠤᠴᠢᠷ ᠶᠠᠪᠤᠳᠠᠯ ᠢ ᠰᠢᠢᠳᠪᠦᠷᠢᠯᠡᠬᠦ ᠳᠤ ᠠᠮᠠᠷᠬᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭᠲᠦ ᠶᠢ ᠡᠭᠦᠳᠴᠦ᠂ ᠲᠦᠭᠦᠮ ᠳᠥᠲᠡ ᠦᠢᠯᠡᠴᠢᠯᠡᠭᠡ ᠶᠢ ᠤᠯᠠᠨ ᠲᠦᠮᠡᠨ ᠤ ᠭᠡᠷ ᠤᠨ ᠡᠭᠦᠳᠡᠨ ᠳᠤᠨᠢ ᠬᠦᠷᠭᠡᠭᠰᠡᠨ ᠪᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠂ ᠲᠥᠬᠦᠭᠡᠷᠦᠮᠵᠢᠲᠦ ᠲᠠᠷᠢᠶᠠᠯᠠᠩ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠭᠠᠷᠳᠠᠮ ᠢ ᠬᠠᠪᠰᠤᠷᠤᠨ ᠭᠦᠢᠴᠡᠳᠬᠡᠵᠦ᠂ ︽ᠵᠢᠯᠣᠭᠤᠴᠢ ᠶᠢᠨ ᠦᠷᠦᠭᠡ︾᠎ ᠶᠢ ᠪᠠᠶᠢᠭᠤᠯᠤᠨ᠂ ᠠᠵᠤ ᠠᠬᠤᠶᠢᠯᠠᠯ ᠤᠨ ︽ᠨᠢᠭᠡᠳᠦᠮᠡᠯ ᠹᠷᠣᠨᠲ ᠤᠨ ᠦᠷᠦᠭᠡ︾᠎ ᠶᠢ ᠪᠠᠶᠢᠭᠤᠯᠵᠤ ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ᠦᠨᠳᠦᠰᠦᠲᠡᠨ ᠨᠦᠭᠦᠳ ᠤᠨ ᠠᠬ᠎ᠠ ᠳᠡᠭᠦᠦ ᠨᠠᠷ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠳᠦᠮᠵᠢᠲᠠᠢ ᠠᠬᠢᠭᠤᠯᠵᠠᠢ᠃ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠰᠠᠶᠢᠨ ᠢᠶᠠᠷ ᠨᠡᠩ ᠤᠯᠠᠨ ᠠᠵᠤ ᠠᠬᠤᠶᠢᠯᠠᠯ ᠨᠠᠷᠢᠨᠲᠤᠬᠤᠢ ᠪᠠᠯᠭᠠᠰᠤᠨ ᠳᠤ ᠢᠷᠡᠵᠦ ᠨᠤᠲᠤᠭᠰᠢᠭᠰᠠᠨ ᠪᠠᠶᠢᠨ᠎ᠠ᠃ 2023 ᠣᠨ ᠳᠤ᠂ ᠨᠠᠷᠢᠨᠳᠤᠬᠤᠢ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠭᠤᠣᠯ ᠴᠣᠭᠴᠠ 885 ᠡᠷᠦᠭᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 30.87%᠎ ᠪᠠᠷ ᠨᠡᠮᠡᠭᠳᠡᠵᠡᠢ᠃ ᠠᠵᠤ ᠠᠬᠤᠶᠢᠯᠠᠯ ᠤᠨ ᠬᠢᠨ ᠢᠯᠡᠷᠬᠡᠶᠢᠯᠡᠬᠦ ᠳᠡᠭᠡᠨ᠂ ᠨᠠᠷᠢᠨᠳᠤᠬᠤᠢ ᠪᠠᠯᠭᠠᠰᠤᠨ ᠤ ᠬᠤᠳᠠᠯᠳᠤᠭ᠎ᠠ ᠡᠷᠭᠢᠯᠡᠭᠦ ᠣᠷᠴᠢᠨ ᠠᠬᠤᠢ ᠨᠢ ᠲᠡᠳᠡᠨ ᠳᠤ ᠭᠡᠷ ᠲᠡᠭᠡᠨ ᠬᠠᠷᠢᠭᠰᠠᠨ ᠮᠡᠲᠦ ᠳᠣᠲᠣᠨᠣ ᠲᠥᠷᠥᠭᠳᠡᠯ ᠣᠯᠭᠤᠵᠤ᠂ ᠲᠡᠳᠡᠨ ᠳᠤ ᠨᠠᠩ ᠶᠡᠭᠡ ᠬᠥᠭᠵᠢᠯᠲᠡ ᠶᠢ ᠪᠡᠶᠡᠯᠡᠭᠦᠯᠬᠦ ᠢᠲᠡᠭᠡᠯ ᠵᠣᠷᠢᠭ ᠢ ᠣᠯᠭᠤᠵᠠᠢ ᠭᠡᠪᠡ᠃  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ