ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ 2024 ᠣᠨ ᠤ ︽ᠮᠠᠨ ᠤ ᠳᠤᠮᠳᠠᠳᠤ ᠶᠢᠨ | ᠬᠦᠰᠡᠯ — ᠰᠣᠶᠣᠯ ᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠡᠯ᠎ᠡ ᠱᠠᠲᠤᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ | ᠠᠵᠢᠯᠲᠠᠨ ᠳᠤ ᠦᠨᠳᠦᠰᠦᠨ ᠱᠠᠲᠤᠨ ᠤ ᠨᠢᠭᠡᠳᠦᠭᠡᠷ ᠹᠷᠣᠨᠲ᠂ ᠠᠷᠠᠳ ᠣᠯᠠᠨ ᠤ ᠳᠤᠮᠳᠠ ᠭᠦᠨᠵᠡᠭᠡᠶᠢᠷᠡᠬᠦ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ | ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠠᠶᠢᠴᠢᠯᠠᠯᠲᠠ ᠶᠢᠨ ᠵᠠᠷᠯᠢᠭ ᠢ ᠳᠠᠬᠢᠨᠲᠠ ᠪᠠᠭᠤᠯᠭᠠᠪᠠ᠃ ᠷᠠᠳᠢᠣ᠋ ᠲᠧᠯᠸᠢᠰ ᠤᠨ ᠦᠨᠳᠦᠰᠦᠨ ᠱᠠᠲᠤᠨ ᠤ | ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠨᠢ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠰᠠᠶᠢᠨ ᠳᠤᠷᠠᠴᠤᠳ ᠤᠨ ᠠᠩᠭᠢ ᠶᠢ ᠵᠣᠬᠢᠶᠠᠨ | ᠪᠠᠶᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠬᠡᠷ ᠲᠤᠨᠢ ᠬᠦᠷᠴᠦ ᠤᠲᠠᠰᠤᠲᠤ ᠲᠧᠯᠸᠢᠰ ᠪᠠ ᠰᠢᠭᠤᠳ ᠨᠡᠪᠳᠡᠷᠡᠬᠦᠯᠭᠡ ᠶᠢᠨ ᠳᠠᠭᠠᠭᠤᠯᠢ ᠤᠳᠤᠨ ᠤ ︽ | ᠡᠷᠦᠬᠡ ᠪᠣᠯᠭᠠᠨ ᠳᠤ ᠨᠡᠪᠲᠡᠷᠡᠬᠦ︾ ᠵᠡᠷᠭᠡ ᠷᠠᠳᠢᠣ᠋ ᠲᠧᠯᠸᠢᠰ ᠤᠨ ᠲᠥᠬᠦᠭᠡᠷᠦᠮᠵᠢ ᠶᠢ ᠰᠡᠯᠪᠢᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃ | ᠡᠵᠡᠨ ᠬᠤᠷᠤᠭ᠎ᠠ ᠬᠤᠰᠢᠭᠤᠨ ᠳᠤ ᠡᠨᠡ ᠬᠦ ᠰᠠᠶᠢᠨ ᠳᠤᠷ᠎ᠠ ᠶᠢᠨ ᠠᠵᠢᠯᠯᠠᠭ᠎ᠠ ᠶᠢ ᠨᠢᠭᠡᠨᠲᠡ ᠣᠯᠠᠨ ᠵᠢᠯ ᠬᠢᠭᠰᠡᠨ ᠨᠢᠭᠡ ᠪᠦᠯᠦᠭ ᠬᠦᠮᠤᠰ ᠪᠠᠶᠢᠵᠤ᠂ ᠲᠠᠳᠠ | ᠰᠡᠯᠪᠢᠨ ᠵᠠᠰᠠᠬᠤ ᠪᠠᠭᠠᠵᠢ ᠬᠡᠷᠡᠭᠰᠡᠯ ᠢᠶᠠᠨ ᠠᠪᠴᠤ᠂ ᠵᠢᠯ ᠲᠤᠷᠰᠢ ᠮᠠᠯᠴᠢᠨ ᠲᠠᠷᠢᠶᠠᠴᠢᠨ ᠤ ᠬᠡᠷ ᠢᠶᠠᠷ ᠬᠦᠨᠵᠡᠭᠡᠶᠢᠷᠡᠨ᠂ ᠷᠠᠳᠢᠣ᠋ ᠲᠧᠯᠸᠢᠰ ᠤᠨ ᠡᠯ᠎ᠡ ᠵᠤᠶᠢᠯ ᠤᠨ | ᠠᠰᠠᠭᠤᠳᠠᠯ ᠢ ᠴᠠᠭ ᠢᠮᠠᠭᠳᠠ ᠦᠨ᠎ᠡ ᠲᠥᠯᠥᠪᠦᠷᠢ ᠥᠬᠡᠶ ᠪᠠᠷ ᠰᠢᠢᠳᠪᠤᠷᠢᠯᠡᠨ ᠦᠭᠴᠦ᠂ ᠥᠪᠡᠷ ᠤᠨ ᠰᠢᠷᠭᠠᠭᠤ ᠬᠥᠳᠡᠯᠮᠦᠷᠢ ᠪᠠ ᠬᠦᠴᠦ ᠬᠥᠯᠥᠰᠥ ᠪᠠᠷ ᠢᠶᠠᠨ | ᠮᠠᠯᠴᠢᠨ ᠲᠠᠷᠢᠶᠠᠴᠢᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷ ᠣᠷᠣᠨ ᠢ ᠰᠠᠬᠢᠨ ᠬᠠᠮᠠᠭᠠᠯᠠᠵᠤ ᠶᠠᠪᠤᠨ᠎ᠠ᠃ | ᠡᠵᠡᠨ ᠬᠤᠷᠤᠭ᠎ᠠ ᠬᠤᠰᠢᠭᠤᠨ ᠤ ᠡᠯ᠎ᠡ ᠲᠣᠰᠬᠤᠨ ᠳᠤ ᠴᠦᠮ ᠡᠳᠤᠷ ᠪᠤᠯᠭᠠᠨ ︽ᠲᠣᠰᠬᠤᠨ ᠪᠤᠯᠭᠠᠨ ᠳᠤ ᠴᠤᠤᠷᠢᠶᠠᠳᠤᠬᠤ︾ ᠨᠡᠪᠲᠡᠷᠡᠭᠦᠯᠭᠡ ᠰᠤᠨᠤᠰᠳᠠᠵᠤ᠂ | ᠮᠠᠯᠴᠢᠨ ᠲᠠᠷᠢᠶᠠᠴᠢᠳ ᠲᠠᠷᠢᠶᠠᠨ ᠵᠠᠬ᠎ᠠ ᠳᠤ ᠪᠠᠨ ᠪᠠᠶᠢᠭᠰᠠᠨ ᠴᠤ᠂ ᠲᠣᠰᠬᠤᠨ ᠤ ᠲᠤᠮᠤ ᠯᠠᠪᠠᠷ ᠡᠳᠦᠷ ᠪᠦᠷᠢ ᠴᠠᠭ ᠲᠠᠭᠠᠨ ᠳᠤᠤᠭᠠᠷᠴᠤ᠂ ᠨᠠᠮ ᠪᠣᠯᠤᠨ | ᠤᠯᠤᠰ ᠤᠨ ︿ᠶᠡᠭᠡ ᠶᠠᠪᠤᠳᠠᠯ﹀ ᠢ ᠲᠠᠮᠵᠢᠭᠤᠯᠬᠤ ᠪᠠᠷ ᠪᠠᠷᠠᠬᠤ ᠦᠭᠡᠢ᠂ ᠠᠷᠠᠳ ᠲᠦᠮᠡᠨ ᠤ ᠠᠩᠬᠠᠷᠴᠤ ᠪᠠᠶᠢᠭ᠎ᠠ ︿ᠪᠠᠭ᠎ᠠ ᠶᠠᠪᠤᠳᠠᠯ﹀ ᠢ ᠴᠤ ᠠᠯᠳᠠᠯ ᠦᠭᠡᠢ | ᠣᠯᠵᠤ ᠰᠣᠨᠣᠰᠳᠠᠭ᠃ ᠡᠨᠡ ᠨᠢ ᠬᠦᠳᠡᠭᠡ ᠳᠤ ᠪᠠᠶᠢᠭ᠎ᠠ ᠨᠠᠰᠤᠳᠠᠶᠢᠴᠤᠳ ᠤᠨ ᠭᠠᠷ ᠤᠳᠠᠰᠤ ᠨᠠᠭᠠᠳᠴᠤ ᠴᠢᠳᠠᠬᠤ ᠦᠭᠡᠢ᠂ ᠬᠠᠷᠠᠭ᠎ᠠ ᠪᠠᠯᠠᠷᠬᠠᠢ ᠪᠤᠯᠤᠭᠰᠠᠨ ᠳᠤ | ᠨᠢ ᠶᠡᠭᠡ ᠲᠦᠬᠦᠮ ᠦᠵᠡᠬᠦᠯᠦᠨ᠂ ᠲᠡᠳᠡᠨ ᠤ ᠬᠦᠷᠢᠶᠡᠯᠡᠯ ᠢ ᠶᠡᠭᠡ ᠤᠯᠳᠠᠭ ᠪᠠᠶᠢᠨ᠎ᠠ᠃ | 2012 ᠣᠨ ᠠᠴᠠ 2016 ᠣᠨ ᠪᠣᠯᠲᠠᠯ᠎ᠠ᠂ ᠪᠥᠬᠦ ᠬᠤᠰᠢᠭᠤᠨ ᠳᠤ ᠨᠡᠶᠢᠲᠡ 5300 ᠰᠠᠭᠤᠷᠢ ᠥᠷᠲᠡᠭᠡ ᠶᠢᠨ ᠪᠠᠶᠢᠷᠢ ᠲᠤᠭᠳᠠᠭᠠᠯᠳᠠ ᠶᠢᠨ ︽ᠡᠷᠦᠬᠡ | ᠪᠣᠯᠭᠠᠨ ᠳᠤ ᠨᠡᠪᠲᠡᠷᠡᠬᠦ︾ ᠶᠢ ᠤᠭᠰᠠᠷᠠᠵᠤ᠂ 138 ᠲᠣᠮᠣ ᠯᠠᠪᠠᠷ ᠤᠭᠰᠠᠷᠠᠨ᠂ 2 G ᠰᠠᠭᠤᠷᠢ ᠥᠷᠲᠡᠭᠡ ᠶᠢ ᠵᠠᠯᠭᠠᠭ᠎ᠠ ᠪᠠᠷ ᠵᠤᠭᠰᠤᠭᠠᠭᠰᠠᠨ ᠪᠠ ︽ᠲᠣᠰᠬᠤᠨ | ᠪᠣᠯᠭᠠᠨ ᠳᠤ ᠨᠡᠪᠲᠡᠷᠡᠬᠦ︾ ᠶᠢ ᠭᠥᠯᠢᠶᠡᠨ ᠠᠪᠬᠤ ᠲᠥᠬᠦᠭᠡᠷᠦᠮᠵᠢ ᠶᠢᠨ ᠬᠠᠭᠤᠴᠢᠷᠠᠬᠤ ᠶᠢ ᠳᠠᠭᠠᠯᠳᠤᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠷᠠᠳᠢᠣ᠋ ᠲᠧᠯᠸᠢᠰ | ᠭᠥᠯᠢᠶᠡᠨ ᠠᠪᠴᠤ ᠦᠵᠡᠵᠤ ᠰᠣᠨᠣᠰᠬᠤ ᠶᠢ ᠵᠣᠬᠢᠬᠤ ᠬᠡᠮᠵᠢᠶ᠎ᠡ ᠪᠠᠷ ᠨᠦᠯᠤᠭᠡᠯᠡᠭᠰᠡᠨ ᠪᠠᠶᠢᠨ᠎ᠠ᠃ ᠡᠭᠦᠨ ᠳᠤ ᠴᠢᠭᠯᠡᠬᠦᠯᠦᠨ᠂ ᠡᠵᠡᠨ ᠬᠤᠷᠤᠭ᠎ᠠ ᠬᠤᠰᠢᠭᠤᠨ ᠤ ᠬᠠᠮ | ᠵᠠᠭᠤᠴᠢᠯᠠᠭᠤᠷ ᠤᠨ ᠲᠥᠪ ᠤᠨ ᠬᠢᠨ ᠲᠤᠰᠬᠠᠶ ᠰᠡᠯᠪᠢᠨ ᠵᠠᠰᠠᠬᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ 24 ᠴᠠᠭ ᠤᠨ | ᠳᠣᠲᠣᠷ᠎ᠠ ᠭᠡᠷ ᠲᠤᠨᠢ ᠬᠦᠷᠴᠦ ᠰᠡᠯᠪᠢᠨ ᠵᠠᠰᠠᠬᠤ ᠦᠢᠯᠡᠴᠢᠯᠡᠭᠡ ᠶᠢ ᠭᠡᠷᠡᠭᠵᠢᠬᠦᠯᠦᠨ᠂ ᠲᠥᠬᠦᠭᠡᠷᠦᠮᠵᠢ ᠶᠢ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠨ ᠦᠵᠡᠵᠦ᠂ | ᠠᠰᠠᠭᠤᠳᠠᠯ ᠢ ᠣᠯᠵᠤ ᠮᠡᠳᠡᠪᠡᠯ ᠬᠠᠮᠢᠶᠠᠷᠬᠤ ᠬᠥᠮᠦᠨ ᠲᠠᠢ᠂ ᠭᠡᠮᠲᠦᠯ ᠭᠠᠷᠪᠠᠯ ᠵᠠᠰᠠᠬᠤ ᠬᠥᠮᠦᠨ ᠲᠠᠢ ᠪᠠᠶᠢᠬᠤ ᠠᠵᠢᠯᠯᠠᠭᠠᠨ ᠤ ᠬᠠᠮᠠᠭᠠᠯᠠᠯᠲᠠ ᠶᠢᠨ ᠦᠨᠳᠦᠰᠦᠨ | ᠱᠠᠭᠠᠷᠳᠠᠯᠭ᠎ᠠ ᠶᠢ ᠪᠠᠷᠢᠮᠳᠠᠯᠠᠨ᠂ ᠪᠥᠬᠦ ᠬᠤᠰᠢᠭᠤᠨ ᠤ ︽ᠲᠣᠰᠬᠤᠨ ᠪᠣᠯᠭᠠᠨ ᠳᠤ ᠴᠤᠤᠷᠢᠶᠠᠳᠤᠬᠤ︾ ᠲᠤᠮᠤ ᠯᠠᠪᠠᠷ᠂ ᠰᠢᠭᠤᠳ ᠨᠡᠪᠳᠡᠷᠡᠬᠦᠯᠭᠡ ᠶᠢᠨ ᠳᠠᠭᠠᠭᠤᠯᠢ | ᠣᠳᠣᠨ ᠤ ︽ᠡᠷᠦᠬᠡ ᠪᠣᠯᠭᠠᠨ ᠳᠤ ᠨᠡᠪᠲᠡᠷᠡᠬᠦ︾ ᠲᠦᠬᠦᠭᠡᠷᠤᠮᠵᠢ ᠪᠠ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ ᠤᠨ ᠲᠦᠬᠦᠭᠡᠷᠤᠮᠵᠢ ᠶᠢ ᠰᠡᠯᠪᠢᠨ ᠵᠠᠰᠠᠬᠤ ᠳᠤ᠂ | ᠲᠤᠰᠬᠠᠶᠢᠯᠠᠨ ᠪᠠᠯᠭᠠᠰᠤ ᠲᠣᠰᠬᠤᠨ ᠤ ᠱᠠᠲᠤᠨ ᠤ ᠬᠠᠮᠢᠶᠠᠷᠤᠭᠴᠢ ᠶᠢᠨ ᠸᠢᠴᠠᠲ ᠤᠨ ᠬᠤᠯᠪᠤᠭ᠎ᠠ ᠶᠢ ᠪᠠᠶᠢᠭᠤᠯᠪᠠ᠂ ᠪᠠᠭ᠎ᠠ ᠠᠰᠠᠭᠤᠳᠠᠯ ᠢ ᠬᠤᠯᠪᠤᠭᠠᠨ ᠳᠣᠲᠣᠷ᠎ᠠ | ᠮᠡᠷᠭᠡᠵᠢᠯ ᠤᠨ ᠵᠢᠯᠣᠭᠤᠳᠤᠯᠭ᠎ᠠ ᠬᠢᠵᠦ᠂ ᠶᠡᠭᠡ ᠠᠰᠠᠭᠤᠳᠠᠯ ᠢ ᠪᠡᠶ᠎ᠡ ᠪᠠᠷ ᠢᠶᠠᠨ ᠬᠦᠷᠴᠦ ᠰᠢᠢᠳᠪᠤᠷᠢᠯᠡᠬᠦ ᠠᠷᠭ᠎ᠠ ᠮᠠᠶ᠋ᠢᠭ ᠢ ᠠᠪᠴᠤ᠂ ᠵᠠᠮ ᠬᠡᠳᠦᠶ ᠬᠤᠯᠠ ᠪᠠᠶᠢᠭᠰᠠᠨ | ᠴᠤ᠂ ᠴᠠᠰᠤ ᠪᠤᠷᠤᠭᠠᠨ᠂ ᠰᠠᠯᠬᠢ ᠰᠢᠭᠤᠷᠭ᠎ᠠ ᠶᠢ ᠬᠠᠶᠢᠬᠤᠷᠤᠯ ᠦᠭᠡᠢ᠂ ᠰᠡᠯᠪᠢᠨ ᠵᠠᠰᠠᠬᠤ ᠬᠡᠷᠡᠭᠴᠡᠭᠡ ᠲᠠᠢ ᠯᠡ ᠪᠣᠯ ᠪᠦᠷ ᠭᠡᠷ ᠲᠤ ᠨᠢ ᠣᠴᠢᠵᠤ ᠵᠠᠰᠠᠨ ᠦᠭᠴᠦ | ᠬᠠᠮᠠᠭᠠᠯᠠᠯᠳᠠ ᠬᠢᠵᠦ᠂ ᠠᠷᠠᠳ ᠣᠯᠠᠨ ᠤ ᠴᠢᠨᠠᠷ ᠰᠠᠶᠢᠲᠠᠶ ᠷᠠᠳᠢᠣ᠋ ᠲᠧᠯᠸᠢᠰ ᠤᠨ ᠫᠷᠤᠭ᠍ᠷᠠᠮ ᠢ ᠬᠦᠯᠢᠶᠡᠨ ᠠᠪᠴᠤ ᠦᠵᠡᠵᠦ ᠰᠣᠨᠣᠰᠬᠤ ᠶᠢ ᠦᠨᠡᠨᠬᠦ ᠪᠠᠳᠤᠯᠠᠵᠤ | ᠪᠠᠶᠢᠨ᠎ᠠ᠃ | ᠰᠠᠭᠤᠷᠢ ᠥᠷᠲᠡᠭᠡ ᠳᠤ ᠰᠢᠨ᠎ᠠ ᠪᠠᠷ ᠪᠠᠶᠢᠷᠢ ᠲᠤᠭᠳᠠᠭᠠᠯᠳᠠ ᠬᠢᠭᠰᠡᠨ ᠠᠴᠠ ︽ᠡᠷᠦᠬᠡ ᠪᠣᠯᠭᠠᠨ ᠳᠤ ᠨᠡᠪᠲᠡᠷᠡᠬᠦ︾ ᠲᠦᠬᠦᠭᠡᠷᠤᠮᠵᠢ ᠨᠢ ᠬᠡᠪ ᠤᠨ | ᠪᠠᠶᠢᠳᠠᠯ ᠢᠶᠠᠷ ᠭᠥᠯᠢᠶᠡᠨ ᠦᠵᠡᠵᠦ ᠴᠢᠳᠠᠬᠤ ᠦᠭᠡᠢ ᠪᠤᠯᠵᠠᠢ᠂ ᠡᠭᠦᠨ ᠳᠤ᠂ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠤᠤᠯ ᠤᠨ ︽ | ᠡᠷᠦᠬᠡ ᠪᠣᠯᠭᠠᠨ ᠳᠤ ᠨᠡᠪᠲᠡᠷᠡᠬᠦ︾ ᠬᠡᠷᠡᠭᠯᠡᠭᠴᠢ ᠳᠤ ᠰᠤᠶᠢᠳᠭᠡᠯ ᠬᠤᠷᠢᠶᠠᠬᠤ ᠥᠬᠡᠶ ᠪᠠᠷ ᠳᠥᠷᠪᠡᠳᠦᠭᠡᠷ ᠦᠶ᠎ᠡ ᠶᠢᠨ ︽ᠡᠷᠦᠬᠡ ᠪᠣᠯᠭᠠᠨ ᠳᠤ ᠨᠡᠪᠲᠡᠷᠡᠬᠦ︾ | ᠲᠦᠬᠦᠭᠡᠷᠤᠮᠵᠢ ᠶᠢ ᠰᠤᠯᠢᠨ ᠦᠭᠴᠦ᠂ ᠰᠣᠯᠢᠭᠰᠠᠨ ᠤ ᠳᠠᠷᠠᠭᠠᠬᠢ ᠳᠥᠷᠪᠡᠳᠦᠭᠡᠷ ᠦᠶ᠎ᠡ ᠶᠢᠨ ︽ᠡᠷᠦᠬᠡ ᠪᠣᠯᠭᠠᠨ ᠳᠤ ᠨᠡᠪᠲᠡᠷᠡᠬᠦ︾ ᠲᠦᠬᠦᠭᠡᠷᠤᠮᠵᠢ ᠨᠢ ᠲᠧᠯᠸᠢᠰ | ᠫᠷᠤᠭ᠍ᠷᠠᠮ ᠢ 99 ᠢᠵᠢ ᠭᠥᠯᠢᠶᠡᠨ ᠠᠪᠴᠤ ᠦᠵᠡᠨ᠂ ᠷᠠᠳᠢᠣ᠋ ᠨᠡᠪᠲᠡᠷᠡᠭᠦᠯᠭᠡ ᠶᠢ 54 ᠢᠵᠢ ᠭᠥᠯᠢᠶᠡᠨ ᠠᠪᠴᠤ ᠰᠣᠨᠣᠰᠴᠤ ᠴᠢᠳᠠᠬᠤ ᠪᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠰᠠᠭᠤᠷᠢ ᠲᠦᠬᠦᠭᠡᠷᠤᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠥᠬᠦ ᠬᠤᠰᠢᠭᠤᠨ ᠳᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ | ᠰᠠᠶᠢᠨ ᠳᠤᠷ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠷᠠᠳᠢᠣ᠋ ᠲᠧᠯᠸᠢᠰ ᠢ ᠭᠥᠯᠢᠶᠡᠨ ᠠᠪᠴᠤ ᠦᠵᠡᠵᠦ | ᠰᠣᠨᠣᠰᠬᠤ ᠳᠤ ᠬᠦᠴᠢᠷᠲᠡᠶ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠶᠢᠳᠠ ᠪᠦᠭᠯᠡᠭᠦᠦ ᠭᠠᠵᠠᠷ ᠣᠷᠣᠨ ᠤ ᠮᠠᠯᠴᠢᠨ ᠲᠠᠷᠢᠶᠠᠴᠢᠨ ᠳᠤ | ᠲᠦᠷᠪᠡᠳᠤᠭᠡᠷ ᠦᠶ᠎ᠡ ᠶᠢᠨ ︽ᠡᠷᠦᠬᠡ ᠪᠣᠯᠭᠠᠨ ᠳᠤ ᠨᠡᠪᠲᠡᠷᠡᠬᠦ︾ ᠲᠦᠬᠦᠭᠡᠷᠤᠮᠵᠢ ᠶᠢ ᠵᠠᠯᠭᠠᠭ᠎ᠠ ᠪᠠᠷ ᠰᠢᠨ᠎ᠡ ᠪᠠᠷ ᠰᠤᠯᠢᠨ ᠦᠭᠴᠦ᠂ ᠷᠠᠳᠢᠣ᠋ ᠲᠧᠯᠸᠢᠰ ᠤᠨ | ᠫᠷᠤᠭ᠍ᠷᠠᠮ ᠤᠨ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ | ᠤᠶᠠᠯᠳᠤᠭᠤᠯᠤᠨ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠨᠡᠶᠢᠴᠡᠭᠰᠡᠨ ᠨᠢᠭᠡ ᠪᠦᠯᠦᠭ ᠷᠠᠳᠢᠣ᠋ ᠲᠧᠯᠸᠢᠰ ᠤᠨ ᠫᠷᠤᠭ᠍ᠷᠠᠮ ᠢ ᠭᠠᠷᠭᠠᠵᠤ᠂ ᠮᠠᠯᠴᠢᠨ ᠲᠠᠷᠢᠶᠠᠴᠢᠨ ᠤ | ᠳᠤᠷ᠎ᠠ ᠪᠠᠬ᠎ᠠ ᠳᠤ ᠨᠡᠶᠢᠴᠡᠭᠰᠡᠨ ᠪᠦᠲᠦᠭᠡᠯ ᠢ ᠵᠣᠬᠢᠶᠠᠨ ᠪᠦᠲᠦᠭᠡᠵᠦ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠬᠤ ᠪᠣᠯᠤᠨ᠎ᠠ᠃ |