ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠳ᠋ᠠᠯᠢᠶᠠᠨ ᠳᠤ | 2024 ᠣᠨ ᠤ ᠵᠤᠨ ᠤ ᠤᠯᠠᠷᠢᠯ ᠤᠨ ᠳ᠋ᠠᠸᠦᠰ ᠤᠨ ᠶᠠᠷᠢᠶᠠᠨ ᠤ ᠲᠠᠪᠴᠠᠩ ᠤᠨ ᠭᠠᠳᠠᠭᠠᠳᠤ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ | ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ᠃ | | | | | | | ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠢᠯᠡᠷᠬᠡᠶᠢᠯᠡᠬᠦ ᠳᠤ ᠪᠠᠨ ᠂ | ᠳᠤᠮᠳᠠᠳᠤ ᠳᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ ᠤᠨ ᠠᠮᠵᠢᠯᠲᠠ ᠬᠢᠭᠡᠳ ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠲᠡ ᠨᠢᠭᠲᠠ | ᠬᠠᠷᠢᠯᠴᠠᠭ᠎ᠠ ᠲᠠᠢ ᠶᠤᠮ᠃ ᠳᠤᠮᠳᠠᠳᠤ ᠤᠯᠤᠰ ᠤᠨ ᠠᠵᠤ ᠠᠬᠤᠢ ᠶᠢᠨ ᠲᠠᠰᠤᠷᠠᠯᠲᠠ ᠦᠭᠡᠢ ᠰᠠᠶᠢᠵᠢᠷᠠᠯᠲᠠ ᠪᠠ ᠤᠷᠲᠤ ᠬᠤᠭᠤᠴᠠᠭᠠᠨ ᠤ ᠰᠠᠶᠢᠨ ᠬᠠᠨᠳᠤᠰᠢ᠂ | ᠳᠤᠮᠳᠠᠳᠤ ᠤᠯᠤᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠪᠠ ᠭᠦᠨᠵᠡᠭᠡᠢ ᠬᠤᠪᠢᠰᠤᠯᠲᠠ ᠪᠦᠬᠦᠨ ᠨᠢ ᠡᠯ᠎ᠡ ᠤᠯᠤᠰ ᠤᠨ ᠠᠵᠤ | ᠠᠬᠤᠶᠢᠯᠠᠯ ᠤᠳ ᠤᠨ ᠦᠰᠦᠯᠲᠡ ᠳᠤ ᠰᠢᠨ᠎ᠡ ᠠᠭᠤᠵᠢᠮ ᠣᠷᠣᠨ ᠵᠠᠢ ᠬᠠᠩᠭᠠᠬᠤ ᠨᠢ ᠯᠠᠪᠲᠠᠢ ᠶᠤᠮ ᠭᠡᠵᠡᠢ ᠃ | ᠯᠢ ᠴᠢᠶᠠᠩ ᠣᠳᠣᠬᠠᠨ ᠤ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠲᠡᠷᠡ ᠪᠠᠷ᠂ ᠪᠢᠳᠡ | ᠳᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠳᠣᠭᠲᠠᠭᠤᠨ ᠢ ᠠᠬᠢᠭᠤᠯᠬᠤ᠂ ᠤᠷᠢᠳ ᠢᠶᠠᠷ ᠳᠣᠭᠲᠠᠭᠠᠵᠤ ᠳᠠᠷᠠᠭ᠎ᠠ ᠨᠢ ᠳᠠᠪᠠᠭ᠋ᠤ ᠶᠢ ᠪᠠᠷᠢᠮᠲᠠᠯᠠᠵᠤ | ᠂ ᠬᠤᠷᠸ᠎ᠠ ᠲᠥᠷᠥ ᠶᠢᠨ ᠪᠣᠳᠣᠯᠭ᠎ᠠ ᠶᠢᠨ ᠰᠦᠷᠬᠡᠦ ᠦᠶᠡᠯᠡᠯ ᠤᠨ ᠬᠤᠭᠤᠴᠠᠭ᠎ᠠ ᠪᠠ ᠦᠶᠡᠯᠡᠯ ᠠᠯᠤᠰᠯᠠᠭᠰᠠᠨ ᠳᠣᠬᠢᠷᠠᠭᠤᠯᠤᠯᠲᠠ ᠪᠠᠨ ᠴᠢᠩᠭᠠᠷᠠᠭᠤᠯᠤᠨ᠂ ᠣᠳᠣ ᠳᠤ | ᠰᠠᠭᠤᠷᠢᠯᠠᠨ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠳᠤᠮᠳᠠᠬᠢ ᠳᠣᠪᠤᠶᠢᠮ᠎ᠠ ᠵᠦᠷᠢᠴᠡᠯ ᠪᠠ | ᠠᠰᠠᠭᠤᠳᠠᠯ ᠤᠳ ᠢ ᠰᠢᠢᠳᠪᠦᠷᠢᠯᠡᠨ ᠠᠵᠤ ᠠᠬᠤᠢ ᠶᠢᠨ ᠰᠠᠶᠢᠵᠢᠷᠠᠯᠲᠠ ᠰᠠᠶᠢᠨ ᠬᠠᠨᠳᠤᠰᠢ ᠶᠢ ᠪᠠᠬᠢᠵᠢᠭᠦᠯᠬᠦ ᠪᠠ ᠴᠢᠩᠭᠠᠳᠬᠠᠬᠤ ᠪᠠᠷ ᠦᠯᠦ ᠪᠠᠷᠠᠮ ᠠᠯᠤᠰ ᠢ ᠬᠠᠷᠠᠨ | ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠤᠳ ᠢ ᠲᠥᠪᠯᠡᠷᠡᠭᠦᠯᠦᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠪᠠᠨ | ᠰᠢᠯᠢᠳᠡᠭᠵᠢᠭᠦᠯᠦᠨ ᠳᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠨᠥᠭᠡᠴᠡ ᠬᠦᠴᠦᠨ ᠢᠶᠠᠨ ᠴᠢᠩᠭᠠᠳᠬᠠᠨ᠎ᠠ᠃ ᠡᠳᠡᠭᠡᠷ ᠲᠥᠷᠥ ᠶᠢᠨ | ᠪᠣᠳᠣᠯᠭ᠎ᠠ ᠶᠢᠨ ᠠᠷᠭ᠎ᠠ ᠪᠠᠷᠢᠯ ᠤᠳ ᠤᠨ ᠦᠷ᠎ᠠ ᠪᠦᠲᠦᠮᠵᠢ ᠣᠳᠣ ᠶᠠᠭ ᠢᠯᠡᠷᠡᠵᠦ ᠪᠠᠶᠢᠨ᠎ᠠ᠃ ᠪᠢᠳᠡᠨ ᠳᠤ ᠪᠦᠬᠦ ᠵᠢᠯ ᠤᠨ ᠢᠶᠠᠨ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠢᠲᠡᠭᠡᠯ ᠪᠠᠶᠢᠨ᠎ᠠ᠂ ᠮᠥᠨ ᠪᠢᠳᠡᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠤᠷᠲᠤ | ᠬᠤᠭᠤᠴᠠᠭᠠᠨ ᠤ ᠰᠠᠶᠢᠨ ᠬᠠᠨᠳᠤᠰᠢ ᠶᠢ ᠪᠠᠲᠤᠯᠠᠵᠤ ᠴᠢᠳᠠᠬᠤ ᠴᠢᠳᠠᠪᠤᠷᠢ ᠪᠤᠢ ᠬᠡᠮᠡᠨ ᠵᠢᠭᠠᠵᠤ ᠭᠠᠷᠭᠠᠵᠠᠢ᠃ | ᠯᠢ ᠴᠢᠶᠠᠩ ᠂ ᠠᠵᠤ ᠠᠬᠤᠢ ᠶᠢ ᠬᠥᠭᠵᠢᠭᠦᠯᠬᠦ ᠳᠤ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠡᠨᠡ ᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠃ | ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠᠷ ᠠᠵᠤ ᠦᠢᠯᠡᠰ ᠤᠨ ᠰᠢᠨᠡᠴᠢᠯᠡᠯᠲᠡ ᠶᠢ ᠳᠠᠭᠠᠭᠤᠯᠬᠤ ᠶᠢ ᠴᠢᠬᠤᠯᠠᠴᠢᠯᠠᠵᠤ ᠂ ᠣᠳᠣᠬᠢᠴᠢᠯᠠᠭᠰᠠᠨ ᠠᠵᠤ | ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠲᠠᠯ᠎ᠠ ᠪᠠᠷ ᠰᠢᠨ᠎ᠡ ᠨᠢᠭᠡ ᠡᠭᠡᠯᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ | ᠬᠢᠭᠡᠳ ᠠᠵᠤ ᠦᠢᠯᠡᠰ ᠤᠨ ᠬᠤᠪᠢᠰᠤᠯᠲᠠ ᠶᠢᠨ ᠶᠡᠭᠡ ᠬᠠᠨᠳᠤᠰᠢ ᠳᠤ ᠵᠣᠬᠢᠴᠠᠭᠤᠯᠤᠨ᠂ ᠢᠷᠡᠭᠡᠳᠦᠢ ᠶᠢᠨ ᠬᠡᠷᠡᠭᠴᠡᠭᠡ ᠪᠠ ᠤᠯᠤᠰ ᠣᠷᠣᠨ ᠤ ᠳᠠᠪᠠᠭᠤᠯᠢᠭ ᠢ | ᠤᠶᠠᠯᠳᠤᠭᠤᠯᠵᠤ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠨ | ᠴᠢᠩᠭᠠᠳᠬᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ | ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠂ ᠲᠡᠷᠢᠭᠦᠨ ᠤ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠡᠷᠴᠢᠮᠯᠡᠵᠦ ᠬᠡᠯᠪᠡᠷᠢ ᠶᠢ ᠨᠢ | ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠦᠨ᠎ᠡ᠃ ᠨᠥᠭᠦᠭᠡ ᠲᠠᠯ᠎ᠠ ᠪᠠᠷ ᠬᠠᠷᠢᠴᠠᠩᠭᠤᠢ | ᠳᠠᠪᠠᠭᠤᠯᠢᠭ ᠢᠶᠠᠨ ᠪᠠᠳᠠᠷᠠᠭᠤᠯᠬᠤ ᠶᠢᠨ ᠳᠠᠭᠠᠤ ᠥᠷᠢᠰᠦᠯᠳᠦᠭᠡᠨ ᠤ ᠳᠠᠪᠠᠭᠤᠯᠢᠭ ᠢ ᠪᠤᠢ ᠪᠣᠯᠭᠠᠨ᠎ᠠ᠃ ᠳᠣᠮᠲᠠᠲᠤ ᠤᠯᠤᠰ ᠤᠨ ᠦᠢᠯᠡᠳᠬᠦᠨ ᠤᠳ ᠦᠷᠢᠰᠦᠯᠳᠦᠬᠦ | ᠬᠦᠴᠦᠨ ᠲᠠᠢ ᠪᠠᠶᠢᠭ᠎ᠠ ᠨᠢ ︽ᠨᠥᠬᠦᠵᠤ︾ ᠭᠠᠷᠭᠠᠭᠰᠠᠨ ᠪᠢᠰᠢ᠂ ᠪᠠᠲᠤᠯᠠᠵᠤ︾ ᠭᠠᠷᠭᠠᠭᠰᠠᠨ ᠴᠤ ᠪᠢᠰᠢ᠂ ᠬᠠᠷᠢᠨ ᠭᠠᠳᠠᠭᠠᠳᠤ ᠶᠢᠨ ᠠᠵᠤ ᠠᠬᠤᠶᠢᠯᠠᠯ ᠢ | ᠪᠠᠭᠲᠠᠭᠠᠭᠰᠠᠨ ᠡᠯ᠎ᠡ ᠲᠥᠷᠥᠯ ᠤᠨ ᠠᠵᠤ ᠠᠬᠤᠶᠢᠯᠠᠯ ᠤᠳ ᠤᠨ ᠲᠥᠪ ᠭᠤᠣᠯᠴᠢ ᠦᠷᠢᠰᠦᠯᠳᠦᠭᠡᠨ ᠤ ᠳᠤᠮᠳᠠ ᠠᠯᠬᠤᠮ ᠠᠯᠬᠤᠮ ᠢᠶᠠᠷ ᠲᠡᠮᠡᠴᠡᠵᠦ ᠂ ᠠᠵᠢᠯᠯᠠᠵᠤ | ᠭᠠᠷᠭᠠᠭᠰᠠᠨ ᠠᠴᠠ ᠶᠤᠮ᠃ ᠪᠢᠳᠡ ᠳᠤᠷᠠᠲᠠᠶ᠎ᠠ ᠡᠯ᠎ᠡ ᠤᠯᠤᠰ ᠤᠨ ᠠᠵᠤ ᠠᠬᠤᠶᠢᠯᠠᠯ ᠤᠳ ᠲᠠᠢ ᠬᠠᠮᠲᠤᠷᠠᠨ ᠴᠢᠷᠮᠠᠶᠢᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ | ᠰᠢᠨᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ ᠬᠡᠮᠡᠨ ᠵᠢᠭᠠᠵᠤ ᠭᠠᠷᠭᠠᠪᠠ᠃ | ᠯᠢ ᠴᠢᠶᠠᠩ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠬᠢᠷᠢ ᠵᠡᠷᠭᠡ ᠪᠠᠶᠢᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠠᠴᠠ ᠰᠢᠯᠲᠠᠭᠠᠯᠠᠭᠳᠠᠨ᠎ᠠ᠃ ᠪᠢᠳᠡ | ᠵᠢᠱᠢᠯᠲᠡ ᠪᠠᠨ ᠰᠠᠶᠢᠵᠢᠷᠠᠭᠤᠯᠬᠤ ᠂ ᠢᠲᠡᠭᠡᠯ ᠵᠣᠷᠢᠭ ᠢᠶᠠᠨ ᠬᠥᠪᠴᠢᠯᠡᠬᠦ ᠠᠴᠠ ᠭᠠᠷᠳᠠᠨ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠴᠢᠯᠡᠭᠰᠡᠨ | ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠪᠦᠷᠢᠯᠳᠦᠭᠦᠯᠬᠦ ᠶᠢ ᠪᠠᠷᠢᠮᠲᠠᠯᠠᠵᠤ᠂ ᠶᠡᠭᠡ ᠬᠦᠴᠦ ᠵᠠᠷᠤᠴᠠᠭᠤᠯᠤᠨ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠪᠠᠶᠢᠭᠤᠯᠬᠤ ᠶᠢ ᠠᠬᠢᠭᠤᠯᠤᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠪᠢᠳᠡ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠵᠦ᠂ ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠢᠶᠠᠨ ᠴᠢᠨᠠᠭᠰᠢᠳᠠ | ᠤᠯᠠᠮ ᠠᠭᠤᠵᠢᠭᠤ ᠲᠠᠯᠪᠢᠵᠤ ᠂ ᠭᠠᠳᠠᠭᠠᠳᠤ ᠪᠡᠯᠡ ᠶᠢᠨ ᠦᠢᠯᠡᠳᠬᠦ ᠦᠢᠯᠡᠰ ᠤᠨ ᠬᠦᠷᠢᠶᠡᠨ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ | ᠴᠤᠴᠠᠯᠬᠤ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠳᠦᠷᠢᠮ ᠤᠨ ᠬᠡᠯᠪᠡᠷᠢᠲᠦ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠡᠯ᠎ᠡ ᠤᠯᠤᠰ ᠤᠨ ᠪᠡᠯᠡ ᠣᠷᠣᠭᠤᠯᠤᠭᠴᠢᠳ ᠲᠤ ᠨᠠᠩ ᠣᠯᠠᠨ ᠠᠵᠠ ᠲᠣᠬᠢᠶᠠᠯ ᠂ ᠨᠠᠩ | ᠰᠠᠶᠢᠨ ᠣᠷᠴᠢᠨ ᠨᠥᠬᠦᠴᠡᠯ ᠢ ᠬᠠᠩᠭᠠᠨ᠎ᠠ᠃ ᠡᠯ᠎ᠡ ᠤᠯᠤᠰ ᠤᠨ ᠠᠵᠤ ᠠᠬᠤᠶᠢᠯᠠᠯᠲᠠᠳ ᠤᠨ ᠠᠵᠤ ᠠᠬᠤᠢ ᠶᠢᠨ ᠳᠡᠯᠡᠬᠡᠶᠢᠴᠢᠯᠡᠯᠲᠡ ᠪᠠ ᠴᠢᠯᠦᠭᠡᠲᠦ ᠠᠷᠠᠯᠵᠢᠶ᠎ᠠ ᠶᠢ | ᠡᠷᠡᠰ ᠳᠡᠮᠵᠢᠬᠦ ᠶᠢ ᠬᠦᠰᠡᠵᠦ ᠪᠠᠶᠢᠨ᠎ᠠ᠃ ᠲᠠ ᠨᠠᠷ ᠤᠨ ᠳᠤᠮᠳᠠᠳᠤ ᠤᠯᠤᠰ ᠲᠤ ᠪᠡᠯᠡ ᠣᠷᠣᠭᠤᠯᠵᠤ ᠂ ᠳᠤᠮᠳᠠᠳᠤ ᠤᠯᠤᠰ ᠲᠤ ᠬᠦᠭᠵᠢᠵᠦ᠂ ᠳᠤᠮᠳᠠᠳᠤ ᠤᠯᠤᠰ ᠤᠨ | ᠴᠢᠨᠠᠷ ᠰᠠᠶᠢᠲᠠᠢ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠬᠦᠷᠲᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ ᠬᠡᠮᠡᠨ ᠴᠢᠬᠤᠯᠠᠴᠢᠯᠠᠭᠰᠠᠨ ᠪᠠᠶᠢᠨ᠎ᠠ᠃ | ᠶᠠᠷᠢᠯᠴᠠᠬᠤ ᠬᠤᠷᠠᠯ ᠢ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠲᠡᠷᠢᠭᠦᠯᠡᠭᠴᠢ ᠱᠸᠠᠪ ᠡᠷᠭᠢᠯᠡᠵᠦ᠂ 40 ᠰᠢᠬᠠᠮ ᠤᠯᠤᠰ ᠪᠠ ᠭᠠᠵᠠᠷ | ᠣᠷᠣᠨ ᠤ 200 ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠣᠷᠣᠯᠴᠠᠵᠠᠢ᠃ ᠬᠤᠷᠠᠯ ᠳᠤ ᠣᠷᠣᠯᠴᠠᠭᠰᠠᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢ ᠶᠠᠷᠢᠶ᠎ᠠ ᠲᠠᠯᠪᠢᠭᠰᠠᠨ ᠪᠥᠭᠡᠳ ᠰᠠᠨᠠᠭᠤᠯᠭ᠎ᠠ ᠳᠤᠷᠠᠳᠴᠤ ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ | ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠣᠯᠣᠭᠰᠠᠨ ᠯᠤᠲᠤ ᠶᠡᠭᠡ ᠠᠮᠵᠢᠯᠲᠠ ᠶᠢ ᠭᠡᠷᠡᠴᠢᠯᠡᠵᠦ ᠂ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠬᠤᠳᠠᠯᠳᠤᠭᠠᠨ ᠤ ᠣᠷᠴᠢᠨ ᠨᠥᠬᠦᠴᠡᠯ ᠢᠶᠠᠨ ᠰᠠᠶᠢᠵᠢᠷᠠᠭᠤᠯᠬᠤ ᠳᠤ ᠭᠠᠷᠭᠠᠭᠰᠠᠨ | ᠴᠢᠷᠮᠠᠶᠢᠯᠭ᠎ᠠ ᠶᠢ ᠨᠢ ᠱᠠᠭᠰᠢᠨ᠂ ᠳᠤᠮᠳᠠᠳᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠨ ᠬᠥᠭᠵᠢᠭᠦᠯᠬᠦ ᠶᠢ ᠨᠢ ᠳᠡᠮᠵᠢᠬᠦ ᠮᠥᠷᠲᠡᠭᠡᠨ | ᠢᠳᠡᠪᠬᠢᠲᠡᠢ ᠣᠷᠣᠯᠴᠠᠨ᠂ ᠳᠤᠮᠳᠠᠳᠤ ᠤᠯᠤᠰ ᠲᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠢ᠃ | |