ᠬᠠᠪᠤᠷ ᠤᠨ ᠠᠭᠤᠷ ᠤᠷᠤᠬᠰᠡᠨ ᠤ ᠲᠠᠷᠠᠭ᠎ᠠ ᠪᠡᠶ᠎ᠡ ᠪᠠᠨ ᠬᠡᠷᠬᠢᠨ ᠰᠤᠪᠢᠯᠠᠬᠤ ᠪᠤᠢ︖
ᠨᠡᠶᠢᠲᠡᠯᠡᠭᠰᠡᠨ ᠴᠠᠭ᠄
2024/7/1
     ᠬᠠᠪᠤᠷ ᠤᠨ ᠠᠭᠤᠷ ᠤᠷᠤᠯ᠎ᠠ᠃ ᠬᠠᠪᠤᠷ ᠤᠨ ᠤᠯᠠᠷᠢᠯ ᠬᠦᠷᠴᠤ ᠢᠷᠡᠬᠦ ᠪᠠᠷ ᠲᠦᠮᠡᠨ ᠪᠤᠳᠠᠰ ᠠᠮᠢᠯᠡᠨ ᠰᠡᠷᠭᠦᠳᠡᠭ ᠮᠦᠷᠳᠡᠭᠡᠨ ᠨᠢᠭᠡ ᠵᠢᠯ ᠳᠠᠬᠢ ᠪᠡᠶ᠎ᠡ ᠰᠤᠪᠢᠯᠠᠬᠤ ᠬᠠᠮᠤᠭ ᠤᠨ ᠲᠤᠬᠢᠷᠠᠮᠵᠢᠳᠠᠢ ᠴᠠᠭ ᠦᠶ᠎ᠡ ᠪᠤᠯᠳᠠᠭ᠃      ᠬᠠᠪᠤᠷ ᠤᠨ ᠡᠬᠢᠨ ᠳᠤ ᠠᠭᠤᠷ ᠠᠮᠢᠰᠬᠤᠯ ᠤᠨ ᠬᠤᠪᠢᠷᠠᠯᠳᠡ ᠶᠡᠭᠡ᠂ ᠠᠭᠠᠷ ᠤᠨ ᠳᠤᠯᠠᠭᠠᠨ ᠤ ᠵᠦᠷᠢᠶ᠎ᠡ ᠶᠡᠭᠡ ᠪᠠᠶᠢᠳᠠᠭ ᠠᠴᠠ ᠬᠤᠪᠴᠠᠰᠤ ᠬᠤᠨᠠᠷ ᠢᠶᠠᠨ ᠲᠤᠬᠢᠷᠠᠭᠤᠯᠬᠤ ᠶᠢ ᠠᠩᠬᠠᠷᠴᠤ᠂ ᠬᠡᠳᠤᠷᠭᠡᠢ ᠨᠢᠮᠭᠡᠨ ᠡᠮᠤᠰᠴᠤ ᠪᠤᠯᠬᠤ ᠦᠭᠡᠢ᠃ ᠢᠯᠠᠩᠭᠤᠶ᠎ᠠ ᠨᠠᠰᠤᠳᠠᠶᠢᠴᠤᠳ ᠪᠤᠯᠤᠨ ᠪᠡᠶ᠎ᠡ ᠶᠢᠨ ᠳᠠᠷᠬᠠᠯᠠᠭ᠎ᠠ ᠠᠨᠠᠢ ᠬᠦᠮᠤᠰ ᠤᠨᠴᠠᠭᠠᠶᠢᠯᠡᠨ ᠠᠩᠬᠠᠷᠪᠡᠯ ᠵᠤᠬᠢᠨ᠎ᠠ᠃      ᠬᠠᠪᠤᠷ ᠤᠨ ᠠᠭᠤᠷ ᠤᠷᠤᠬᠰᠡᠨ ᠤ ᠲᠠᠷᠠᠭ᠎ᠠ᠂ ᠬᠦᠮᠤᠨ ᠤ ᠪᠡᠶ᠎ᠡ ᠶᠢᠨ ᠭᠡᠢ ᠴᠢᠰᠤᠨ ᠤ ᠡᠷᠬᠢᠯᠳᠡ ᠰᠠᠶᠢᠨ ᠪᠠᠶᠢᠬᠤ ᠶᠢ ᠱᠠᠭᠠᠷᠳᠠᠳᠠᠭ ᠲᠤᠯᠨ ᠨᠤᠶᠢᠷ ᠬᠦᠢᠴᠡᠳ ᠪᠠᠶᠢᠬᠤ ᠶᠢ ᠪᠠᠳᠤᠯᠠᠨ᠂ ᠲᠤᠬᠳᠠᠬᠰᠡᠨ ᠴᠠᠭ ᠢᠶᠠᠷ ᠤᠨᠳᠠᠵᠤ ᠠᠮᠠᠷᠠᠪᠠᠯ ᠵᠤᠬᠢᠰᠳᠠᠢ᠃ ᠬᠠᠮᠤᠭ ᠤᠨ ᠰᠠᠶᠢᠨ ᠨᠢ ᠤᠷᠤᠢ ᠶᠢᠨ 11 ᠴᠠᠭ ᠠᠴᠠ ᠡᠷᠳᠡ ᠤᠨᠳᠠᠵᠤ᠂ ᠦᠷᠯᠦᠭᠡ ᠡᠷᠳᠡ ᠪᠤᠰᠤᠨ ᠲᠤᠬᠢᠷᠠᠮᠵᠢᠳᠠᠢ ᠲᠠᠮᠢᠷ ᠤᠨ ᠬᠦᠳᠡᠯᠭᠡᠭᠡᠨ ᠬᠢᠪᠡᠯ ᠰᠠᠶᠢᠨ ᠪᠠᠶᠢᠳᠠᠭ᠃      ︽ᠬᠠᠪᠤᠷ ᠤᠨ ᠡᠶᠡᠪᠡᠷᠭᠦᠤ ᠨᠠᠷᠨ︾ ᠭᠡᠳᠡᠭ ᠢᠶᠠᠷ ᠬᠠᠪᠤᠷ ᠤᠨ ᠤᠯᠠᠷᠢᠯ ᠤᠨ ᠨᠠᠷᠠᠨ ᠤ ᠢᠯᠴᠢ ᠨᠢ ᠬᠦᠮᠤᠨ ᠤ ᠪᠡᠶ᠎ᠡ ᠳᠤ ᠲᠠᠭᠠᠯᠠᠮᠵᠢᠳᠠᠢ᠂  ᠤᠷᠢᠨ ᠲᠤᠯᠠᠭᠠᠨ ᠪᠠᠶᠢᠳᠠᠭ ᠢᠶᠠᠷ ᠪᠢᠳᠡ ᠨᠠᠷᠨ ᠦᠭᠡᠳᠡ ᠬᠠᠨᠳᠤᠵᠤ᠂  ᠨᠢᠳᠤ ᠪᠠᠨ ᠠᠨᠢᠨ᠂  ᠨᠠᠷᠠᠨ ᠳᠤ ᠡᠭᠡᠭᠡᠪᠡᠯ ᠰᠠᠶᠢᠨ᠃  ᠨᠢᠳᠤ ᠪᠠᠨ ᠰᠠᠶᠢᠨ ᠬᠠᠮᠠᠭᠠᠯᠠᠵᠤ ᠴᠢᠳᠠᠪᠠᠯ ᠡᠯᠢᠭᠡ ᠪᠠᠨ ᠲᠦᠯᠵᠢᠭᠦᠯᠵᠤ ᠴᠢᠳᠠᠳᠠᠭ᠃      ᠬᠠᠪᠤᠷ ᠤᠨ ᠤᠯᠠᠷᠢᠯ ᠳᠤ ᠪᠡᠶ᠎ᠡ ᠪᠠᠨ ᠰᠤᠩᠭᠠᠬᠤ ᠲᠠᠮᠢᠷ ᠢ ᠢᠯᠡᠭᠦᠭᠡᠨ ᠬᠢᠵᠤ ᠪᠠᠶᠢᠪᠠᠯ ᠰᠠᠶᠢᠨ᠃  ᠪᠡᠶ᠎ᠡ ᠪᠠᠨ ᠰᠤᠩᠭᠠᠬᠤ ᠦᠶ᠎ᠡ ᠳᠤ ᠠᠯᠢ ᠴᠢᠳᠠᠬᠤ ᠪᠠᠷ ᠪᠦᠬᠦ ᠪᠡᠶ᠎ᠡ ᠶᠢᠨ ᠪᠤᠯᠴᠢᠩ ᠢᠶᠠᠨ ᠴᠢᠩᠭᠠᠯᠠᠨ᠂  ᠠᠮᠢᠰᠬᠤᠭ᠎ᠠ ᠪᠠᠨ ᠬᠤᠷᠢᠶᠠᠨ᠎ᠠ᠃  ᠪᠡᠶ᠎ᠡ ᠪᠠᠨ ᠰᠤᠯᠠᠯᠠᠬᠤ ᠳᠤ ᠪᠠᠨ ᠪᠤᠯᠴᠢᠩ ᠢᠶᠠᠨ ᠰᠤᠯᠨ ᠲᠠᠯᠪᠢᠬᠤ ᠶᠢᠨ ᠲᠠᠭᠠᠤ ᠠᠮᠢᠰᠬᠤᠭ᠎ᠠ ᠪᠠᠨ ᠭᠠᠷᠭᠠᠨ᠎ᠠ᠃      ᠬᠠᠪᠤᠷ ᠤᠨ ᠤᠯᠠᠷᠢᠯ ᠳᠤ ᠦᠷᠭᠦᠯᠵᠢ ᠬᠦᠯ ᠢᠶᠠᠨ ᠲᠡᠪᠳᠦᠭᠡᠬᠦ ᠨᠢ ᠡᠪᠤᠯ ᠤᠨ ᠬᠠᠬᠢᠷ ᠬᠦᠢᠳᠡᠨ ᠠᠴᠠ ᠪᠤᠯᠤᠬᠰᠡᠨ ᠬᠦᠢᠳᠡᠨ ᠭᠡᠢ ᠶᠢ ᠬᠦᠭᠡᠭᠡᠵᠤ ᠴᠢᠳᠠᠨ᠎ᠠ᠃  ᠭᠡᠬᠦ ᠳᠤ ᠬᠡᠳᠤᠷᠭᠡᠢ ᠬᠠᠯᠠᠭᠤᠨ ᠤᠰᠤᠨ ᠳᠤ ᠲᠡᠪᠳᠦᠭᠡᠵᠤ ᠪᠤᠯᠬᠤ ᠦᠭᠡᠢ᠃      ᠡᠭᠦᠨ ᠠᠴᠠ ᠭᠠᠳᠠᠨ᠎ᠠ᠂  ᠬᠠᠪᠤᠷ ᠤᠨ ᠠᠭᠤᠷ ᠤᠷᠤᠬᠰᠡᠨ ᠤ ᠲᠠᠷᠠᠭ᠎ᠠ ᠪᠠᠷ ᠰᠡᠳᠬᠢᠯ ᠰᠠᠨᠠᠭ᠎ᠠ ᠪᠠᠨ ᠪᠠᠶᠢᠡᠭᠭᠤ ᠪᠠᠶᠠᠷ ᠬᠦᠷ ᠲᠠᠢ ᠪᠠᠶᠢᠯᠭᠠᠵᠤ᠂  ᠠᠭᠤᠷᠯᠠᠵᠤ ᠤᠴᠠᠭᠠᠷᠯᠠᠬᠤ ᠠᠴᠠ ᠵᠠᠶᠢᠯᠠᠰᠬᠢᠨ᠎ᠠ᠃  ᠢᠡᠭᠬᠢᠪᠡᠯ ᠪᠡᠶ᠎ᠡ ᠪᠠᠨ ᠰᠤᠪᠢᠯᠠᠨ ᠡᠯᠢᠭᠡ ᠪᠠᠨ ᠲᠦᠯᠵᠢᠭᠦᠯᠬᠦ ᠳᠤ ᠲᠤᠰᠠᠳᠠᠢ ᠪᠠᠶᠢᠳᠠᠭ᠃
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ