ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠭᠦᠸᠧ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ | ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ︽ᠡᠵᠡᠨ ᠬᠤᠷᠤᠭ᠎ᠠ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠳᠤ ᠲᠠᠶᠢᠯᠤᠮᠵᠢ ᠬᠢᠬᠦ ᠶᠢᠨ ᠬᠠᠮᠲᠤ | ᠬᠠᠮᠢᠶ᠎ᠠ ᠪᠥᠬᠦᠶ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠠᠯᠬᠤᠮ ᠳᠠᠷᠠᠭ᠎ᠠ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠨ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠥᠨᠳᠥᠷ ᠪᠦᠲᠦᠮᠵᠢᠲᠡᠢ ᠠᠬᠢᠭᠤᠯᠤᠨ᠂ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠭᠰᠠᠨ︾ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠲᠤᠯᠭᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ | ᠪᠠᠶᠢᠭᠤᠯᠤᠮᠵᠢ ᠶᠢᠨ ᠫᠠᠶᠢᠰᠠ ᠡᠯᠭᠦᠨ ᠠᠵᠢᠯᠯᠠᠬᠤ᠂ ︽ᠭᠤᠷᠪᠠ ᠶᠢ ᠲᠣᠭᠲᠠᠭᠠᠬᠤ︾ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠵᠡᠷᠭᠡ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠠᠵᠢᠯᠳᠠᠨ ᠤ ᠪᠦᠬᠦ ᠲᠠᠯ᠎ᠠ ᠶᠢᠨ ᠠᠭᠤᠰᠤᠯᠴᠠᠯ ᠢ ᠠᠬᠢᠭᠤᠯᠵᠤ᠂ ᠡᠯ᠎ᠡ ᠵᠦᠢᠯ ᠤᠨ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ | ᠯᠠᠪᠳᠠᠭᠤᠨ ᠲᠣᠭᠲᠠᠭᠤᠨ ᠡᠮᠬᠢ ᠵᠢᠷᠤᠮ ᠲᠠᠢ ᠠᠬᠢᠭᠤᠯᠵᠤ᠂ ᠦᠵᠡᠯ ᠰᠠᠨᠠᠭ᠎ᠠ ᠪᠠ ᠦᠢᠯᠨ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨ ᠬᠦ | ᠨᠢᠭᠡᠳᠬᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠭᠤᠴᠠᠭᠠᠨ ᠳᠤ ᠡᠩᠨᠡᠭᠡᠨ ᠤ ᠦᠵᠡᠯ ᠰᠠᠨᠠᠭ᠎ᠠ ᠲᠣᠭᠲᠠᠭᠤᠨ᠂ ᠠᠵᠢᠯ ᠤᠨ ᠡᠷᠴᠢ ᠵᠣᠷᠢᠭ ᠰᠤᠯᠠᠷᠠᠬᠤ | ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠵᠤᠶᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ ᠬᠡᠵᠡᠢ᠃ | |