2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶ ᠠᠮᠵᠢᠯᠳᠠᠳᠠᠢ ᠦᠨᠳᠤᠷᠯᠡᠪᠡ
ᠨᠡᠶᠢᠲᠡᠯᠡᠭᠰᠡᠨ ᠴᠠᠭ᠄
2024/7/12
      6 ᠰᠠᠷ᠎ᠠ ᠶᠢᠨ 21᠎ ᠤ ᠡᠳᠦᠷ᠂ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶᠎ ᠤ ᠲᠠᠪᠤᠳᠠᠬᠢ ᠤᠷᠤᠯᠳᠤᠭᠠᠨ ᠤ ᠡᠳᠦᠷ ᠪᠤᠯᠵᠤ᠂ ᠨᠠᠰᠤᠨ ᠳᠤ ᠭᠦᠷᠦᠭᠰᠡᠨ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ ᠶᠠᠪᠤᠭᠳᠠᠪᠠ᠃      ᠤᠷᠤᠯᠳᠤᠭᠠᠨ ᠳᠤ 24 ᠠᠩᠭᠢ ᠶᠢᠨ 102 ᠲᠠᠮᠢᠷᠴᠢᠨ ᠤᠷᠳᠤᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠠᠴᠠ ᠮᠣᠷᠳᠠᠵᠤ᠂ 132.1 ᠺᠢᠯᠣᠮᠧᠲᠷ ᠤᠨ ᠤᠷᠤᠯᠳᠤᠭᠠᠨ ᠤ ᠵᠠᠮ ᠢᠶᠠᠷ ᠲᠠᠪᠬᠢᠭᠤᠯᠤᠨ᠂  ᠵᠠᠮ ᠲᠠᠭᠠᠤ ᠤᠯᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠴᠢᠩᠭᠢᠰ ᠬᠠᠭᠠᠨ ᠤ ᠣᠩᠭᠤᠨ᠂ ᠸᠠᠨ ᠱᠠ ᠱᠦᠢ ᠸᠠᠨ ᠢ ᠦᠩᠭᠡᠷᠡᠵᠦ᠂ ᠤᠯᠠᠭᠠᠨᠮᠦ᠋ᠷᠡᠨ ᠪᠠᠯᠭᠠᠰᠤᠨ ᠤ ᠪᠠᠷᠳᠤ ᠶᠢᠨ ᠲᠤᠬᠤᠢ ᠲᠣᠰᠬᠤᠨ ᠳᠤ ᠬᠦᠷᠦᠭᠰᠡᠨ ᠪᠠᠶᠢᠨ᠎ᠠ᠃      ᠬᠠᠶᠢᠨᠠᠨ ᠤ ᠲᠠᠮᠢᠷᠴᠢᠨ ᠵᠠᠩ ᠬᠤᠤ 3:13:54᠎ ᠶᠢᠨ ᠬᠢᠷᠢ ᠪᠦᠲᠦᠮᠵᠢ ᠪᠠᠷ ᠮᠠᠩᠯᠠᠶᠢᠯᠠᠵᠤ᠂ ᠵᠢᠶᠠᠩᠰᠦ ᠶᠢᠨ ᠬᠤᠪᠢᠯᠭᠠᠨ ᠬᠠᠷᠴᠠᠭᠠᠶ ᠶᠢᠨ ᠨᠡᠭᠦᠷᠡᠰᠦᠨ ᠰᠢᠷᠬᠡᠭᠯᠢᠭ ᠳᠤᠭᠤᠶ ᠲᠡᠷᠭᠡᠨ ᠤ ᠠᠩᠭᠢ ᠶᠢᠨ ᠸᠧᠶ ᠴᠢᠶᠠᠨ ᠴᠢᠶᠠᠨ᠂ ᠭᠤᠸᠠᠩᠳᠦ᠋ᠩ ᠤᠨ ᠪᠠ ᠳ᠋ᠢ ᠷᠦᠢ ᠳᠤᠭᠤᠶ ᠲᠡᠷᠭᠡᠨ ᠤ ᠠᠩᠭᠢ ᠶᠢᠨ ᠽᠸᠡᠭ ᠯᠦ ᠶᠣᠣ ᠲᠤᠰ ᠲᠤᠰ 3᠄ 14᠄ 28᠂ 3᠄ 15᠄ 10᠎ ᠶᠢᠨ ᠬᠢᠷᠢ ᠪᠦᠳᠤᠮᠵᠢ ᠪᠠᠷ  ᠲᠡᠳ᠋ᠯᠡᠭᠰᠡᠨ ᠪᠠ ᠭᠤᠲᠠᠭᠠᠷ ᠲᠤ ᠤᠷᠤᠭᠰᠠᠨ ᠪᠠᠶᠢᠨ᠎ᠠ᠃      6 ᠰᠠᠷ᠎ᠠ ᠶᠢᠨ 22᠎ ᠤᠨ ᠡᠳᠦᠷ᠂ 2024 ᠣᠨ ᠤ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ︵ᠣᠷᠳᠣᠰ︶᠎ ᠤ ᠵᠢᠷᠭᠤᠳᠠᠬᠢ ᠤᠷᠤᠯᠳᠤᠭᠠᠨ ᠤ ᠡᠳᠦᠷ ᠲᠤ ᠪᠠᠨ ᠤᠷᠤᠵᠤ᠂ ᠤᠷᠤᠯᠳᠤᠭᠠᠨ ᠤ ᠡᠴᠦᠰ ᠤᠨ ᠨᠢᠭᠡ ᠡᠳᠤᠷ ᠪᠤᠯᠵᠤ᠂ U23 ᠳᠤᠭᠤᠶᠢᠯᠠᠩ ᠤᠨ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ ᠡᠷᠡᠭᠲᠡᠶ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ᠂ U23 ᠳᠤᠭᠤᠶᠢᠯᠠᠩ ᠤᠨ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ ᠡᠮᠡᠭᠲᠡᠶ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ ᠶᠠᠪᠤᠭᠳᠠᠵᠤ᠂ ᠳᠥᠷᠪᠡᠨ ᠳᠤᠭᠤᠶᠢᠯᠠᠩ ᠤᠨ ᠤᠷᠤᠯᠳᠤᠭᠠᠨ ᠨᠢ ᠴᠥᠮ ᠣᠷᠳᠣᠰ ᠤᠨ ᠰᠣᠶᠣᠯ ᠤᠨ ᠠᠵᠤ ᠤᠶᠢᠯᠡᠰ ᠤᠨ ᠬᠦᠷᠢᠶᠡᠯᠡᠩ ᠠᠴᠠ ᠮᠤᠷᠳᠠᠵᠤ᠂ ᠪᠦᠬᠦᠨ ᠢᠶᠠᠷ ᠢᠶᠠᠨ ᠪᠠᠷᠳᠤ ᠶᠢᠨ ᠲᠤᠬᠤᠢ ᠲᠣᠰᠬᠤᠨ ᠳᠤ ᠬᠦᠷᠦᠭᠰᠡᠨ ᠪᠠᠶᠢᠨ᠎ᠠ᠃      U23 ᠳᠤᠭᠤᠶᠢᠯᠠᠩ ᠤᠨ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ ᠳᠤ 22 ᠲᠠᠮᠢᠷᠴᠢᠨ ᠤᠷᠤᠯᠴᠠᠵᠤ᠂  ᠤᠷᠤᠯᠳᠤᠭᠠᠨ ᠤ ᠵᠠᠮ ᠤᠨ ᠣᠷᠳᠣ ᠨᠢ 163.4 ᠺᠢᠯᠣᠮᠧᠲᠷ ᠪᠠᠶᠢᠵᠤ᠂ ᠡᠷᠡᠭᠲᠡᠶ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ ᠳᠤ 93 ᠲᠠᠮᠢᠷᠴᠢᠨ ᠤᠷᠤᠯᠴᠠᠵᠤ᠂ ᠤᠷᠤᠯᠳᠤᠭᠠᠨ ᠤ ᠵᠠᠮ ᠤᠨ ᠣᠷᠳᠣ ᠨᠢ 100.8 ᠺᠢᠯᠣᠮᠧᠲᠷ ᠪᠣᠯᠤᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠾᠧᠨᠠᠨ ᠤ  ᠪᠠ ᠳ᠋ᠢ ᠷᠦᠢ ᠶᠢᠨ ᠵᠢᠷᠤᠭ ᠲᠥᠯᠥᠪᠯᠡᠭᠡ ᠶᠢᠨ ᠠᠩᠭᠢ ᠶᠢᠨ ᠫᠸᠢ ᠵᠧᠩ ᠢᠦᠶ᠂ ᠯᠢᠦ ᠶᠠᠩ ᠱᠦᠸᠧ ᠲᠣᠰ ᠲᠣᠰ U23 ᠳᠤᠭᠤᠶᠢᠯᠠᠩ ᠤᠨ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ᠂  ᠡᠷᠡᠭᠲᠡᠶ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ ᠳᠤ ᠮᠠᠩᠯᠠᠶᠢᠯᠠᠪᠠ᠃      U23 ᠳᠤᠭᠤᠶᠢᠯᠠᠩ ᠤᠨ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ ᠳᠤ 7 ᠲᠠᠮᠢᠷᠴᠢᠨ ᠤᠷᠤᠯᠴᠠᠵᠤ᠂  ᠤᠷᠤᠯᠳᠤᠭᠠᠨ ᠤ ᠵᠠᠮ ᠤᠨ ᠣᠷᠳᠣ ᠨᠢ 100.8 ᠺᠢᠯᠣᠮᠧᠲᠷ ᠪᠠᠶᠢᠵᠤ᠂᡽ ᠡᠮᠡᠭᠲᠡᠶ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ ᠳᠤ 33 ᠲᠠᠮᠢᠷᠴᠢᠨ ᠤᠷᠤᠯᠴᠠᠨ᠂  ᠤᠷᠤᠯᠳᠤᠭᠠᠨ ᠤ ᠵᠠᠮ ᠤᠨ ᠣᠷᠳᠣ ᠨᠢ 69.5 ᠺᠢᠯᠣᠮᠧᠲᠷ ᠪᠣᠯᠤᠨ᠎ᠠ᠃ ᠡᠴᠦᠰ ᠲᠡᠭᠡᠨ ᠬᠠᠷᠠᠮᠦ᠋ᠷᠡᠨ ᠮᠤᠵᠢ ᠶᠢᠨ ᠠᠩᠬᠢ ᠠᠴᠠ ᠢᠷᠡᠭᠰᠡᠨ ᠳ᠋ᠦᠩ ᠬᠠᠢ ᠰᠢᠨ U23 ᠳᠤᠭᠤᠶᠢᠯᠠᠩ ᠤᠨ ᠡᠮᠡᠭᠲᠡᠢ ᠶᠢᠨ ᠬᠤᠪᠢ ᠬᠥᠮᠦᠨ ᠤ ᠤᠷᠤᠯᠳᠤᠭᠠᠨ ᠳᠤ ᠮᠠᠩᠯᠠᠶᠢᠯᠠᠵᠤ᠂ ᠰᠧᠴᠤᠸᠠᠨ ᠤ ᠷᠦᠢ ᠪᠦᠦ ᠳᠤᠭᠤᠢ ᠲᠡᠷᠭᠡᠨ ᠤ ᠠᠩᠬᠢ ᠶᠢᠨ ᠰᠢᠤᠢ ᠰᠢᠶᠤᠤ ᠶᠠᠨ ᠡᠮᠡᠭᠲᠡᠢ ᠶᠢᠨ ᠵᠠᠯᠠᠭᠤᠴᠤᠳ ᠤᠨ ᠬᠤᠪᠢ ᠬᠥᠮᠦᠨ ᠤ ᠤᠷᠤᠯᠳᠤᠭᠠᠨ ᠳᠤ ᠮᠠᠩᠯᠠᠶᠢᠯᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ