7 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠵᠣᠬᠢᠶᠠᠨ | ᠪᠠᠶᠢᠭᠤᠯᠵᠤ ᠬᠤᠷᠠᠯᠳᠤᠭᠤᠯᠤᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨᠲ᠋ᠠᠨᠢᠯᠴᠠᠭᠤᠯᠬᠤ ᠳᠤ ᠪᠠᠨ᠂ ᠥᠪᠥᠷ | ᠮᠣᠩᠭᠤᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠲᠤᠶᠢᠯ ᠤᠨ ᠶᠡᠭᠡ ᠠᠴᠢ ᠬᠠᠷᠢᠭᠤᠯᠠᠬᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ︽ᠲᠠᠪᠤᠨ ᠶᠡᠭᠡ ᠡᠭᠦᠷᠭᠡ︾ ᠶᠢ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠦᠷᠭᠦᠯᠵᠢᠯᠡᠬᠦ ᠴᠢᠨᠠᠷᠲᠠᠢ | ᠭᠠᠷᠳᠠᠴᠠ᠂ ᠶᠡᠷᠦᠩᠬᠡᠶᠢᠯᠡᠨ ᠬᠠᠮᠢᠶᠠᠷᠬᠤ ᠴᠢᠨᠠᠷᠲᠠᠢ ᠱᠠᠭᠠᠷᠳᠠᠯᠭ᠎ᠠ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ ᠲᠤᠰᠬᠠᠢ ᠳᠤᠭᠤᠶᠢᠯᠠᠩ ᠤᠨ ᠬᠢᠨ ᠨᠢᠭᠲᠠ | ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠴᠠᠭ ᠤᠨ ᠬᠦᠰᠦᠨᠦᠭᠲᠦ᠂ | ᠵᠠᠮ ᠱᠤᠭᠤᠮ ᠤᠨ ᠵᠢᠷᠤᠭ︾ ᠶᠣᠰᠣᠭᠠᠷ ᠨᠢᠭᠡ ᠯᠡ ᠬᠥᠭ ᠢᠶᠠᠷ ᠬᠦᠴᠦᠯᠡᠨ ᠯᠠᠪᠳᠠᠭᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ | ᠴᠢᠬᠤᠯᠠ ᠠᠬᠢᠴᠠ ᠪᠠ ᠢᠳᠡᠪᠬᠢᠲᠡᠢ ᠦᠷ᠎ᠡ ᠪᠦᠲᠦᠭᠡᠯ ᠣᠯᠵᠠᠢ ᠭᠡᠪᠡ᠃ | ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠬᠥᠭᠵᠢᠯᠲᠡ ᠶᠢᠨ ᠪᠥᠬᠦ ᠲᠠᠯ᠎ᠠ ᠠᠴᠠ ᠡᠭᠦᠰᠴᠦ ᠥᠪᠥᠷ | ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠡᠨᠡ ᠨᠢ ᠨᠠᠮ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠢᠷᠤᠭᠯᠠᠯ | ᠪᠠ ᠠᠯᠤᠰ ᠬᠡᠲᠦ ᠶᠢᠨ ᠪᠣᠳᠣᠯᠬᠢᠯᠠᠯ ᠢ ᠭᠦᠨᠵᠡᠭᠡᠢ ᠬᠠᠷᠠᠭᠤᠯᠵᠠᠢ᠃ ᠡᠨᠡ ᠲᠠᠪᠤᠨ ᠲᠠᠯ᠎ᠠ ᠶᠢᠨ ᠴᠢᠬᠤᠯᠠ ᠶᠡᠭᠡ ᠡᠭᠦᠷᠭᠡ ᠨᠢ ᠥᠪᠥᠷ ᠮᠣᠩᠭᠤᠯ ᠤᠨ ᠲᠣᠰ ᠪᠡᠶ᠎ᠡ ᠶᠢᠨ | ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ | ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠡᠨᠡ ᠪᠣᠯ | ᠥᠪᠥᠷ ᠮᠣᠩᠭᠤᠯ ᠤᠨ ᠡᠷᠬᠡᠪᠰᠢ ᠦᠨᠡᠨ ᠬᠦ ᠡᠭᠦᠷᠭᠡᠯᠡᠵᠦ᠂ ᠬᠢᠨᠠᠮᠠᠭᠠᠢ ᠰᠠᠶᠢᠲᠤᠷ ᠭᠦᠢᠴᠡᠳᠬᠡᠬᠦ ᠬᠡᠷᠡᠭᠲᠡᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ | ᠮᠥᠨ᠃ | ᠥᠪᠥᠷ ᠮᠣᠩᠭᠤᠯ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠨᠢᠭᠡᠳᠦᠯᠲᠡᠢ ᠲᠦᠯᠦᠪᠯᠡᠨ ᠰᠦᠪᠡᠭᠴᠢᠯᠡᠬᠦ ᠪᠠᠨ ᠴᠢᠩᠭᠠᠳᠬᠠᠨ᠂ ᠨᠢᠭᠡ | ᠴᠣᠭᠴᠠᠵᠢᠭᠤᠯᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠩᠭ᠎ᠠ ᠠᠳᠬᠤᠨ ᠪᠣᠳᠠᠲᠠᠢ ᠠᠵᠢᠯᠯᠠᠵᠤ᠂ | ᠭᠤᠣᠯᠳᠠᠯᠭ᠎ᠠ ᠲᠠᠢ ᠡᠭᠦᠷᠭᠡ ᠶᠢᠨ ᠰᠢᠨ᠎ᠡ ᠵᠢᠳᠬᠦᠯ ᠲᠠᠢ ᠪᠣᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠪᠤᠨ ᠶᠡᠭᠡ ᠡᠭᠦᠷᠭᠡ ᠶᠢ | ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠲᠣᠭᠲᠠᠭᠠᠵᠤ᠂ | ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠤᠷᠮᠠᠰᠢᠭᠤᠯᠵᠤ ᠬᠢᠨᠠᠨ ᠰᠢᠯᠭᠠᠬᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ᠂ ᠤᠬᠠᠭᠤᠯᠤᠨ ᠮᠡᠳᠡᠭᠡᠯᠡᠬᠦ ᠵᠡᠷᠭᠡ ᠳᠦᠷᠢᠮ ᠢ ᠪᠦᠷᠢᠨᠰᠢᠭᠦᠯᠦᠨ᠂ ᠬᠤᠷᠳᠤᠨ ᠮᠣᠷᠢᠨ ᠳᠤ ᠲᠠᠰᠢᠭᠤᠷ | ᠨᠡᠮᠡᠵᠦ ᠡᠯ᠎ᠡ ᠵᠦᠢᠯ ᠤᠨ ᠠᠵᠢᠯ ᠢ ᠠᠬᠢᠭᠤᠯᠪᠠ᠃ ᠡᠭᠦᠨ ᠤ ᠬᠠᠮᠲᠤ᠂ ᠥᠪᠥᠷ ᠮᠣᠩᠭᠤᠯ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠥᠯ ᠳᠤ ᠪᠠᠴᠢᠮ | ᠶᠠᠭᠠᠷᠠᠯᠲᠠᠢ ᠵᠠᠰᠠᠪᠤᠷᠢ ᠣᠷᠣᠭᠤᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ᠂ | ᠲᠥᠰᠦᠯ ᠢ ᠵᠢᠭᠰᠠᠭᠠᠵᠤ᠂ ᠬᠠᠷᠠᠯᠲᠠ ᠪᠠᠨ ᠬᠡᠮᠵᠢᠶᠡᠯᠡᠨ᠂ ᠡᠭᠦᠷᠭᠡ ᠪᠠᠨ ᠲᠣᠳᠣᠷᠬᠠᠶᠢᠯᠠᠬᠤ ᠶᠢᠨ ᠬᠠᠮᠲᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠦᠷ᠎ᠡ | ᠪᠦᠲᠦᠮᠵᠢ ᠶᠢ ᠺᠠᠳ᠋ᠷ ᠢ ᠬᠢᠨᠠᠨ ᠰᠢᠯᠭᠠᠵᠤ ᠦᠨᠡᠯᠡᠬᠦ᠂ ᠱᠠᠩᠨᠠᠵᠤ ᠲᠣᠷᠭᠠᠬᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢᠨ ᠴᠢᠬᠤᠯᠠ ᠦᠨᠳᠦᠰᠦᠯᠡᠯ | ᠪᠣᠯᠭᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠬᠤᠯᠠᠴᠢᠯᠠᠬᠤ᠂ ᠠᠵᠢᠯ ᠶᠠᠪᠤᠳᠠᠯ ᠬᠢᠬᠦ ᠳᠤ ᠪᠠᠨ ᠲᠡᠷᠢᠭᠦᠨ ᠢ ᠲᠡᠮᠡᠴᠡᠬᠦ᠂ ᠠᠵᠢᠯ ᠢᠶᠠᠨ | ᠨᠠᠶᠢᠳᠠᠪᠤᠷᠢᠵᠢᠭᠤᠯᠬᠤ ᠰᠠᠶᠢᠨ ᠣᠷᠴᠢᠯ ᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ 212 ᠵᠦᠢᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢᠨ 13 ᠵᠦᠢᠯ ᠢ ᠨᠢᠭᠡᠨᠲᠡ ᠪᠡᠶᠡᠯᠡᠭᠦᠯᠵᠦ᠂ | ᠪᠤᠰᠤᠳ 199 ᠵᠦᠢᠯ ᠤᠨ ᠠᠵᠢᠯ ᠤᠨ ᠠᠬᠢᠴᠠ ᠨᠢ ᠴᠦᠮ 50% ᠠᠴᠠ ᠳᠡᠭᠡᠭᠰᠢ ᠬᠦᠷᠴᠦ᠂ ᠴᠠᠭ ᠨᠢ ᠬᠠᠭᠠᠰ ᠰᠢᠬᠠᠮ ᠬᠦᠷᠬᠦ ᠳᠤ ᠡᠭᠦᠷᠭᠡ ᠪᠠᠨ ᠴᠦ | ᠬᠠᠭᠠᠰᠯᠠᠵᠤ᠂ ᠵᠠᠷᠢᠮ ᠭᠤᠣᠯᠳᠠᠯᠭ᠎ᠠ ᠲᠠᠢ ᠠᠵᠢᠯ ᠳᠤ ᠴᠥᠮ ᠰᠢᠨ᠎ᠡ ᠦᠷ᠎ᠡ ᠪᠦᠲᠦᠭᠡᠯ ᠣᠯᠵᠤ᠂ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ ᠨᠢᠳᠤᠨᠤᠨ ᠪᠦᠬᠦ | ᠣᠷᠣᠨ ᠤ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠢ 950 ᠲᠦᠮᠡᠨ ᠮᠦ ᠳᠤ ᠬᠦᠷᠴᠦ᠂ ᠵᠢᠯ ᠤᠨ ᠡᠬᠢᠨ ᠤ ᠲᠥᠯᠥᠪᠯᠡᠭᠡ ᠶᠢᠨ 1.5 ᠲᠠᠬᠢᠨ | ᠪᠣᠯᠵᠠᠢ᠃ ᠡᠨᠡ ᠵᠢᠯ ᠠᠴᠠ ᠨᠠᠭᠠᠰᠢ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠦ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠨᠢᠭᠡᠨᠲᠡ 1147 ᠲᠦᠮᠡᠨ ᠮᠦ ᠪᠡᠶᠡᠯᠡᠭᠦᠯᠵᠦ᠂ ᠵᠢᠱᠢᠯᠲᠡ ᠪᠠᠷ | 2030 ᠣᠨ ᠪᠣᠯᠬᠤ ᠳᠤ 9700 ᠲᠦᠮᠡᠨ ᠮᠦ ᠡᠯᠡᠰᠦ ᠶᠢ ᠵᠠᠰᠠᠬᠤ ᠪᠣᠯᠣᠨ᠎ᠠ᠃ ᠮᠠᠨ ᠤ ᠣᠷᠣᠨ ᠶᠠᠭ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠭᠡᠷᠡᠯᠴᠢ ᠴᠡᠨᠡᠭ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠰᠢᠨ᠎ᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ | ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽1+1>2︾ ᠦᠷ᠎ᠡ ᠪᠦᠲᠦᠮᠵᠢ ᠣᠯᠬᠤ ᠪᠠᠷ ᠴᠢᠷᠮᠠᠶᠢᠵᠤ | ᠪᠠᠶᠢᠨ᠎ᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ 2022 ᠣᠨ ᠠᠴᠠ ᠨᠠᠭᠠᠰᠢ ᠮᠠᠨ ᠤ ᠣᠷᠣᠨ | ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ︾ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ 3 ᠵᠢᠯ ᠤᠨ ᠠᠵᠢᠯᠯᠠᠭᠠᠨ ᠢᠶᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠳᠤ ᠳᠦᠭᠦᠮᠯᠡᠬᠦ᠂ ᠴᠠᠬᠢᠯᠭᠠᠨ | ᠬᠡᠷᠡᠭᠯᠡᠬᠦ ᠳᠤ ᠲᠣᠭᠲᠠᠭᠤᠨ ᠨᠠᠶᠢᠳᠠᠪᠤᠷᠢᠲᠠᠢ ᠪᠠᠶᠢᠬᠤ᠂ ᠵᠠᠮ ᠤᠨ ᠲᠣᠣᠷ ᠢ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠦᠯᠬᠦ᠂ ᠳᠣᠬᠢᠶ᠎ᠠ ᠶᠢ ᠲᠦᠷᠭᠡᠨ | ᠬᠤᠷᠳᠤᠴᠠ ᠪᠠᠷ ᠨᠡᠪᠲᠡᠷᠡᠭᠦᠯᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃ | ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ | ᠨᠢᠳᠤᠨᠤᠨ ᠮᠠᠨ ᠤ ᠣᠷᠣᠨ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠤ ︽10 ᠪᠦᠬᠦ ᠤᠯᠤᠰ ᠲᠤ ᠨᠢᠭᠡᠳᠦᠭᠡᠷ︾ ᠢ ᠪᠡᠶᠡᠯᠡᠭᠦᠯᠪᠡ᠃ ᠡᠨᠡ ᠵᠢᠯ ᠤᠨ 5 ᠳ᠋ᠤᠭᠠᠷ | ᠰᠠᠷ᠎ᠠ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠨᠢᠭᠡᠨᠲᠡ 1 ᠳ᠋ᠦᠩᠰᠢᠭᠤᠷ ᠺᠢᠯᠣᠸᠠᠲ ᠢ ᠤᠷᠢᠳ ᠢᠶᠠᠷ ᠳᠠᠪᠠᠵᠤ᠂ | ᠵᠢᠯ ᠤᠨ ᠡᠴᠦᠰ ᠲᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠬᠤ | ᠬᠠᠷᠠᠯᠲᠠ ᠶᠢ ᠪᠥᠬᠦ ᠤᠯᠤᠰ ᠲᠤ ᠲᠡᠷᠢᠭᠦᠯᠡᠨ ᠪᠡᠶᠡᠯᠡᠭᠦᠯᠬᠦ ᠪᠣᠯᠣᠨ᠎ᠠ᠃ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ | ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ ᠪᠠᠶᠢᠭᠤᠯᠵᠤ᠂ ᠪᠥᠬᠦ | ᠣᠷᠣᠨ ᠤ 2/3 ᠠᠴᠠ ᠳᠡᠭᠡᠭᠰᠢᠬᠢ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠤᠰᠠᠯᠠᠭᠰᠠᠨ ᠪᠠᠶᠢᠨ᠎ᠠ᠃ ᠡᠨᠡ ᠵᠢᠯ ᠮᠠᠨ ᠤ ᠣᠷᠣᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠪᠠᠶᠢᠭᠤᠯᠬᠤ ᠪᠠᠷ ᠲᠥᠯᠥᠪᠯᠡᠵᠦ ᠪᠤᠢ᠃ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ | ᠴᠢᠨᠠᠷ ᠤᠨ ᠬᠤᠣᠰ ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠤ | ᠵᠠᠰᠠᠪᠤᠷᠢ ᠣᠷᠤᠭᠤᠯᠤᠭᠠᠳ 2.0 ᠬᠡᠪᠯᠡᠯ ᠢ ᠨᠡᠶᠢᠲᠡᠯᠡᠵᠦ᠂ 2032 ᠣᠨ ᠪᠣᠯᠬᠤ ᠳᠤ ᠡᠩ ᠲᠡᠷᠢᠭᠦᠨ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠮᠠᠨ ᠤ ᠣᠷᠣᠨ ᠤ | ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠥᠬᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠶᠢᠨ ᠪᠣᠭᠤᠮᠲᠠ ᠶᠢᠨ | ᠲᠡᠮᠳᠡᠭᠯᠡᠯ ᠢ ᠰᠢᠨᠡᠳᠬᠡᠪᠡ᠃ ᠡᠨᠡ ᠵᠢᠯ ᠤᠨ 3 ᠳ᠋ᠤᠭᠠᠷ ᠰᠠᠷ᠎ᠠ ᠳᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠢᠩᠬᠢᠨᠢ ᠪᠠᠷ ᠴᠣᠬᠤᠯᠠᠪᠤᠷᠢᠯᠠᠨ ᠪᠠᠶᠢᠭᠤᠯᠪᠠ᠂ ᠡᠨᠡ ᠪᠣᠯ ᠮᠠᠨ ᠤ ᠤᠯᠤᠰ ᠬᠢᠭᠡᠳ ᠬᠥᠷᠰᠢ | ᠵᠡᠷᠭᠡᠯᠡᠳᠡᠭᠡ ᠤᠯᠤᠰ ᠤᠨ ᠪᠠᠶᠢᠭᠤᠯᠤᠭᠰᠠᠨ ᠭᠤᠷᠪᠠᠳᠠᠭᠢ ᠤᠯᠤᠰ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠨ᠎ᠠ᠂ ᠡᠨᠡ ᠨᠢ ᠬᠢᠯᠢ | ᠳᠠᠭᠠᠤ ᠶᠢᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠦᠢᠯᠡᠴᠢᠯᠡᠭᠡ ᠶᠢ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠠᠪᠴᠢᠷᠠᠬᠤ | ᠪᠣᠯᠣᠨ᠎ᠠ᠃ | | | | | | |