ᠡᠨᠡ ᠲᠥᠷᠥᠯ ᠤᠨ ᠲᠡᠷᠭᠡᠨ ᠤ ᠵᠠᠮ ᠤᠨ ᠰᠤᠶᠢᠳᠭᠡᠯ ᠢ ᠣᠷᠳᠣᠰ ᠤᠨ ᠭᠡᠪᠴᠢᠶᠡᠨ ᠳᠤ ᠪᠦᠬᠦᠨ ᠢ ᠨᠥᠬᠦᠪᠥᠷᠢᠯᠡᠨ᠎ᠡ
ᠨᠡᠶᠢᠲᠡᠯᠡᠭᠰᠡᠨ ᠴᠠᠭ᠄
2024/7/15
      2024 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠨᠡᠪᠲᠡᠷᠡᠬᠦ  ᠰᠤᠶᠢᠳᠭᠡᠯ ᠢ ᠪᠦᠬᠦᠨ ᠢ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠵᠢᠩᠬᠢᠨᠢ ᠪᠠᠷ ᠬᠡᠷᠡᠭᠵᠢᠭᠦᠯᠵᠦ᠂ ᠣᠷᠳᠣᠰ ᠬᠤᠲᠠ ᠶᠢᠨ ᠬᠢᠯᠢ ᠲᠤᠳᠤᠷᠠᠬᠢ ᠰᠤᠶᠢᠳᠭᠡᠯ ᠬᠤᠷᠢᠶᠠᠬᠤ ᠥᠷᠲᠡᠭᠡ ᠪᠠᠷ ᠥᠩᠭᠡᠷᠡᠬᠦ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠨᠡᠪᠳᠡᠷᠡᠬᠦ ᠰᠤᠶᠢᠳᠭᠡᠯ ᠢ ᠬᠤᠷᠢᠶᠠᠭᠰᠠᠨ ᠤ ᠳᠠᠷᠠᠭ᠎ᠠ᠂ ᠳᠠᠷᠠᠭ᠎ᠠ ᠰᠠᠷ᠎ᠠ ᠳᠤᠨᠢ ᠬᠢᠨᠠᠨ ᠬᠠᠷᠭᠤᠭᠤᠯᠵᠤ ᠲᠠᠭᠤᠰᠪᠠᠯ ᠨᠡᠪᠲᠡᠷᠡᠬᠦ  ᠰᠤᠶᠢᠳᠭᠡᠯ ᠢ ᠪᠦᠬᠦᠨ ᠢ ᠪᠤᠴᠠᠭᠠᠵᠤ ᠦᠭᠬᠦᠨ᠎ᠡ᠃ ᠡᠬᠦᠨ ᠢ 2024 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ 2026 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠪᠣᠯᠲᠠᠯ᠎ᠠ᠂ 2 ᠵᠢᠯ ᠲᠤᠷᠰᠢᠨ ᠬᠡᠷᠡᠭᠵᠢᠭᠦᠯᠤᠨ᠎ᠠ᠃      ᠮᠡᠳᠡᠬᠦᠯᠬᠦ ᠠᠷᠭ᠎ᠠ ᠨᠢ᠄ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠨᠢ ︽ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠮᠡᠳᠡᠭᠡ ᠵᠠᠩᠭᠢ ᠶᠢᠨ ᠬᠦᠰᠦᠨᠦᠭᠲᠦ︾᠎ ᠶᠢ ᠲᠠᠭᠯᠠᠵᠤ᠂ ᠮᠡᠳᠡᠭᠡ ᠵᠠᠩᠭᠢ ᠳᠤ ᠲᠡᠷᠭᠡᠨ ᠫᠠᠶᠢᠰᠠ᠂ ᠲᠡᠷᠭᠡᠨ ᠤ ᠬᠡᠯᠪᠡᠷᠢ᠂  ᠨᠢᠭᠡᠴᠢ ᠶᠢᠨ ᠨᠡᠷᠡᠶᠢᠳᠦᠯ ᠵᠡᠷᠭᠡ ᠶᠢ  ᠲᠠᠭᠯᠠᠬᠤ ᠶᠢᠨ ᠬᠠᠮᠲᠤ᠂ ᠮᠠᠰᠢᠨ ᠲᠡᠷᠭᠡᠨ ᠤ ᠳᠡᠩᠰᠡᠯᠡᠯᠲᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠵᠤ ᠣᠷᠳᠣᠰ ᠬᠤᠲᠠ ᠶᠢᠨ ᠰᠤᠶᠢᠳᠭᠡᠯ ᠬᠤᠷᠢᠶᠠᠬᠤ ᠵᠠᠰᠠᠮᠠᠯ ᠵᠠᠮ ᠤᠨ ᠤᠶᠢᠯᠡᠴᠢᠯᠡᠭᠡᠨ ᠤ ᠲᠥᠪ ᠲᠤ ᠮᠡᠳᠡᠭᠦᠯᠦᠨ᠎ᠡ᠃ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠨᠢ ᠳᠠᠷᠠᠭ᠎ᠠ ᠰᠠᠷ᠎ᠠ ᠠᠴᠠ ᠡᠬᠢᠯᠡᠨ᠂ ᠳᠡᠭᠡᠷ᠎ᠡ ᠰᠠᠷ᠎ᠠ ᠶᠢᠨ ᠮᠠᠰᠢᠨ ᠲᠡᠷᠭᠡᠨ ᠤ ᠨᠡᠪᠲᠡᠷᠡᠬᠦ ᠲᠤᠭ᠎ᠠ ᠪᠠᠷᠢᠮᠲᠠ ︵ᠵᠠᠮ ᠤᠨ  ᠰᠤᠶᠢᠳᠭᠡᠯ ᠤᠨ ᠪᠠᠷᠢᠮᠲᠠ ᠪᠠᠭᠲᠠᠨ᠎ᠠ︶᠎ ᠶᠢ ᠣᠷᠳᠣᠰ ᠬᠤᠲᠠ ᠶᠢᠨ ᠰᠤᠶᠢᠳᠭᠡᠯ ᠬᠤᠷᠢᠶᠠᠬᠤ ᠵᠠᠰᠠᠮᠠᠯ ᠵᠠᠮ ᠤᠨ  ᠤᠶᠢᠯᠡᠴᠢᠯᠡᠭᠡᠨ ᠤ ᠲᠥᠪ ᠲᠤ ᠲᠤᠰᠢᠶᠠᠨ᠎ᠠ᠃ ᠣᠷᠳᠣᠰ ᠬᠤᠲᠠ ᠶᠢᠨ ᠰᠤᠶᠢᠳᠭᠡᠯ ᠬᠤᠷᠢᠶᠠᠬᠤ ᠵᠠᠰᠠᠮᠠᠯ ᠵᠠᠮ ᠤᠨ  ᠤᠶᠢᠯᠡᠴᠢᠯᠡᠭᠡᠨ ᠤ ᠲᠥᠪ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠤᠰᠤᠲᠥ᠋ᠷᠥᠭᠴᠢ ᠡᠨᠧᠷᠭᠢ ᠶᠢᠨ ᠲᠡᠷᠭᠡ ᠬᠥᠰᠬᠡ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ ᠵᠠᠮ ᠤᠨ ᠰᠤᠶᠢᠳᠭᠡᠯ ᠤᠨ ᠨᠥᠬᠦᠪᠥᠷᠢ ᠶᠢ ᠣᠯᠭᠤᠨ᠎ᠠ᠃      ︽ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠤᠰᠤᠲᠥ᠋ᠷᠥᠭᠴᠢ ᠡᠨᠧᠷᠭᠢ ᠶᠢᠨ ᠲᠡᠷᠭᠡ ᠬᠥᠰᠬᠡ ᠶᠢᠨ ᠨᠡᠪᠲᠡᠷᠡᠬᠦ ᠰᠤᠶᠢᠳᠭᠡᠯ ᠢ ᠨᠥᠬᠦᠪᠥᠷᠢᠯᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠎ ᠳᠤ ᠲᠡᠷᠭᠡ ᠬᠥᠰᠬᠡ ᠶᠢᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠬᠢᠨᠠᠬᠤ᠂ ᠲᠡᠷᠭᠡ ᠬᠥᠰᠬᠡ ᠶᠢᠨ ᠮᠡᠳᠡᠭᠡ ᠵᠠᠩᠭᠢ ᠶᠢ ᠣᠷᠣᠭᠤᠯᠬᠤ᠂ ᠨᠡᠪᠲᠡᠷᠡᠬᠦ ᠰᠤᠶᠢᠳᠭᠡᠯ ᠢ ᠳ᠋ᠦᠩᠨᠡᠨ ᠪᠤᠳᠤᠬᠤ ᠵᠡᠷᠭᠡ ᠪᠣᠳᠠᠲᠠᠶ ᠠᠵᠢᠯ ᠤᠨ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠵᠤ᠂ ᠣᠷᠳᠣᠰ ᠬᠤᠲᠠ ᠶᠢᠨ ᠰᠤᠶᠢᠳᠭᠡᠯ ᠬᠤᠷᠢᠶᠠᠬᠤ ᠵᠠᠰᠠᠮᠠᠯ ᠵᠠᠮ ᠤᠨ ᠤᠶᠢᠯᠡᠴᠢᠯᠡᠭᠡᠨ ᠤ ᠲᠥᠪ ᠠᠴᠠ ᠬᠢᠨᠠᠨ ᠬᠠᠷᠭᠤᠭᠤᠯᠤᠭᠰᠠᠨ ᠮᠡᠳᠡᠭᠡ ᠵᠠᠩᠭᠢ ᠶᠢ ︽ᠤᠰᠤᠲᠥ᠋ᠷᠥᠭᠴᠢ ᠡᠨᠧᠷᠭᠢ ᠶᠢᠨ ᠲᠡᠷᠭᠡ ᠬᠥᠰᠬᠡ ᠶᠢᠨ ᠢᠯᠡ ᠲᠠᠩᠰᠠ︾  ᠪᠠᠶᠢᠭᠤᠯᠬᠤ ᠶᠢᠨ ᠬᠠᠮᠲᠤ ᠪᠥᠬᠦ ᠬᠤᠲᠠ ᠶᠢᠨ ᠡᠯ᠎ᠡ  ᠰᠤᠶᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠠᠷᠬᠠᠭᠠᠵᠤ᠂ ᠬᠠᠮᠢᠶ᠎ᠠ ᠪᠥᠬᠦᠶ ᠲᠡᠷᠭᠡ ᠬᠥᠰᠬᠡ ᠶᠢᠨ ᠲᠣᠭᠲᠠᠭᠰᠠᠨ ᠴᠠᠭ ᠤᠨ ᠳᠣᠲᠣᠷ᠎ᠠ ᠲᠥᠷᠥ ᠶᠢᠨ ᠪᠣᠳᠣᠯᠭ᠎ᠠ ᠶᠢᠨ ᠲᠡᠮᠵᠢᠯᠭᠡ ᠭᠥᠷᠳᠡᠬᠦ ᠶᠢ ᠦᠨᠡᠨᠬᠦ  ᠪᠠᠳᠤᠯᠠᠨ᠎ᠠ᠃       ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠦᠭᠰᠡᠨ ᠤ ᠳᠠᠷᠠᠭ᠎ᠠ᠂ ᠤᠰᠤᠲᠥ᠋ᠷᠥᠭᠴᠢ ᠡᠨᠧᠷᠭᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠪᠲᠡᠷᠡᠬᠦ ᠰᠤᠶᠢᠳᠭᠡᠯ ᠢ ᠬᠠᠰᠤᠵᠤ ᠭᠡᠯᠳᠦᠷᠢᠭᠦᠯᠦᠨ᠂ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡ ᠶᠢᠨ ᠣᠷᠣᠨ ᠪᠦᠰᠡ ᠠᠯᠤᠰᠯᠠᠨ ᠡᠵᠡᠩᠨᠡᠬᠦ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠤᠰᠤᠲᠥ᠋ᠷᠥᠭᠴᠢ ᠡᠨᠧᠷᠭᠢ ᠶᠢᠨ ᠠᠵᠤ  ᠤᠶᠢᠯᠡᠰ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠤᠰᠤᠲᠥ᠋ᠷᠥᠭᠴᠢ ᠡᠨᠧᠷᠭᠢ ᠶᠢᠨ ᠠᠵᠤ ᠤᠶᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠢᠨ᠎ᠡ ᠰᠡᠳᠬᠢᠮᠵᠢ ᠶᠢ ᠪᠣᠶ ᠪᠣᠯᠭᠠᠨ᠎ᠠ᠃         
ᠢᠷᠡᠯᠲᠡ᠄ ᠤᠷᠳᠤᠰ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ