ᠬᠤᠰᠢᠭᠤᠨ ᠤ ᠨᠠᠮ ᠤᠨ ᠬᠤᠷᠢᠶ᠎ᠠ ᠠᠷᠪᠠᠨ ᠵᠢᠷᠭᠤᠳᠤᠭᠠᠷ ᠬᠤᠭᠤᠴᠠᠭᠠᠨ ᠤ 105 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
      6 ᠳ᠋ᠤᠭᠠᠷ ᠰᠠᠷ᠎ᠠ ᠶᠢᠨ 3᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 105 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠭᠰᠠᠨ ᠪᠦᠭᠡᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠪᠥᠬᠦ ᠬᠤᠲᠠ ᠶᠢᠨ ︽ᠭᠤᠷᠪᠠᠨ  ᠳᠦᠷᠪᠡ︾᠎ ᠶᠢᠨ ᠠᠵᠢᠯ ᠤᠨ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ  ᠬᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ 5 ᠳ᠋ᠤᠭᠠᠷ ᠰᠠᠷ᠎ᠠ ᠶᠢᠨ 27᠎ ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠳᠠᠭᠠᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ︽ᠮᠥᠩᠭᠦᠨ  ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾᠎ ᠢ ᠨᠠᠷᠢᠨ ᠬᠢᠨᠠᠮᠠᠭᠠᠶ ᠰᠤᠳᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠴᠢᠨᠠᠷ ᠤᠨ  ᠦᠢᠯᠡᠳᠪᠦᠷᠢᠯᠡᠯ  ᠤᠨ ᠬᠦᠴᠦᠨ ᠤ ᠲᠥᠷᠥᠯ ᠵᠤᠶᠢᠯ ᠵᠡᠷᠭᠡ ᠶᠢ ᠢᠳᠡᠪᠬᠢᠲᠡᠶ ᠲᠥᠰᠦᠪᠯᠡᠨ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠪᠣᠯᠤᠨ ᠪᠦᠬᠦ ᠬᠤᠰᠢᠭᠤᠨ ᠤ ᠵᠠᠬᠢᠳᠠᠯ ᠰᠤᠷᠪᠣᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠤᠨᠤᠰᠴᠣ ᠂ ᠳᠠᠭᠠᠭᠠᠴᠢᠯᠠᠨ  ᠬᠤᠯᠪᠤᠭᠠᠯᠠᠵᠣ ᠰᠢᠢᠳᠪᠦᠷᠢᠯᠡᠬᠦ ᠶᠢ ᠴᠢᠩᠭᠠᠳᠬᠠᠵᠤ᠂ ︽ᠨᠢᠭᠡ ᠬᠡᠷᠡᠭ ᠲᠤ ᠨᠢᠭᠡ ᠲᠤᠰᠬᠠᠶ ᠠᠩᠭᠢ ᠲᠠᠢ ᠪᠠᠶᠢᠬᠤ︾᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠲᠠᠢ ᠪᠠᠶᠢᠬᠤ︾ ᠶᠣᠰᠣᠭᠠᠷ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠡᠷᠡᠭ ᠶᠠᠪᠤᠳᠠᠯ ᠤᠨ ᠤᠴᠢᠷ ᠶᠠᠪᠤᠳᠠᠯ ᠢ ᠳᠠᠭᠤᠰᠬᠠᠬᠤ ᠶᠢ ᠠᠬᠢᠭᠤᠯᠬᠤ ᠬᠡᠷᠡᠭᠲᠡᠶ᠃ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠵᠤ᠂ ᠵᠥᠷᠢᠴᠡᠯ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠲᠣᠭᠲᠠᠭᠤᠨ ᠡᠵᠡᠮᠳᠡᠵᠦ᠂ ᠲᠤᠬᠠᠶ ᠶᠢᠨ ᠭᠠᠵᠠᠷ ᠲᠤᠨᠢ ᠠᠷᠢᠯᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢ ᠬᠠᠮᠲᠤᠷᠠᠨ ᠭᠥᠯᠢᠶᠡᠨ ᠠᠪᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠤᠷᠰᠢᠯᠭ᠎ᠠ ᠠᠷᠭ᠎ᠠ  ᠪᠠᠷᠢᠯ ᠢ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠵᠤ᠂ ︽ᠨᠢᠭᠡ ᠥᠷᠲᠡᠭᠡ ᠮᠠᠶ᠋ᠢᠭ︾᠎ ᠤᠨ ᠵᠠᠬᠢᠳᠠᠯ ᠰᠤᠷᠪᠣᠯᠵᠢᠯᠠᠭ᠎ᠠ ᠶᠢᠨ ᠦᠢᠯᠡᠴᠢᠯᠡᠭᠡᠨ ᠤ ᠥᠯᠢᠭᠡᠷ ᠳᠠᠭᠤᠷᠢᠶᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ᠲᠡᠦᠬᠡ ᠶᠢᠨ ᠦᠯᠡᠳᠡᠭᠳᠡᠯ ᠠᠰᠠᠭᠤᠳᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠦᠭᠡᠳ ᠠᠵᠢᠯ ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ︽  ᠨᠡᠭᠦᠯᠭᠡᠨ ᠳᠦᠪᠬᠢᠨᠡᠬᠦᠯᠬᠦ ᠳᠤ ᠬᠦᠴᠢᠷ︾᠂ ︽ᠦᠨᠡᠮᠯᠡᠯ ᠠᠪᠬᠤ ᠳᠤ ᠬᠦᠴᠢᠷ︾᠂ ︽ᠲᠠᠩᠰᠠ ᠪᠤᠳᠤᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠵᠡᠨ ᠬᠤᠷᠤᠭ᠎ᠠ ᠬᠤᠰᠢᠭᠤᠨ ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠬᠤᠯᠪᠣᠭᠳᠠᠯ ᠪᠥᠬᠦᠶ ᠤᠴᠢᠷ ᠢ ᠰᠤᠳᠤᠯᠵᠤ᠂ ︽ᠡᠵᠡᠨ ᠬᠤᠷᠤᠭ᠎ᠠ ᠬᠤᠰᠢᠭᠤᠨ ᠤ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠬᠡᠷᠡᠭᠵᠢᠭᠦᠯᠬᠦ ᠲᠥᠰᠦᠯ︾᠂ ︽ᠡᠵᠡᠨ ᠬᠤᠷᠤᠭ᠎ᠠ ᠬᠤᠰᠢᠭᠤᠨ ᠤ ᠣᠶᠢᠷ᠎ᠠ ᠬᠠᠪᠢ ᠳᠠᠭᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠶᠠᠩ ᠰᠢᠶᠤᠤ ᠯᠢᠩ  ᠳ᠋ᠦ᠋ ᠰᠢᠶᠠᠩ ᠶᠤᠸᠠᠨ ︶
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ