ᠴᠢᠶᠣᠤ ᠰᠢᠶᠤᠤ ᠵᠢᠶᠦ᠋ᠨ ᠠᠶᠤᠯᠭᠦᠢ ᠦᠢᠯᠡᠳᠪᠦᠷᠢᠯᠡᠯ  ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ  ᠲᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2024/7/15
      6 ᠳ᠋ᠤᠭᠠᠷ ᠰᠠᠷ᠎ᠠ ᠶᠢᠨ 20᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ  ᠦᠢᠯᠡᠳᠪᠤᠷᠢᠯᠠᠯ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠠᠮᠠᠴᠠᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠠᠶᠤᠯᠭᠦᠶ ᠦᠢᠯᠡᠳᠪᠤᠷᠢᠯᠠᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠡᠯ᠎ᠡ ᠵᠤᠶᠢᠯ ᠤᠨ ᠠᠵᠢᠯ ᠤᠨ ᠠᠷᠭ᠎ᠠ ᠬᠡᠮᠵᠢᠶ᠎ᠡ ᠶᠢ  ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ︽ᠲᠦᠷᠪᠡ ᠶᠢ  ᠨᠢᠬᠡᠳᠬᠡᠬᠦ︾  ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ ᠪᠣᠯᠤᠨ ᠠᠵᠢᠯᠳᠠᠨ ᠤ ᠬᠦᠴᠦᠨ ᠢ ᠲᠥᠪᠯᠡᠷᠡᠭᠦᠯᠦᠨ᠂ ᠡᠯ᠎ᠡ ᠠᠵᠢᠯ ᠲᠦᠷᠦᠯ ᠡᠯ᠎ᠡ ᠬᠦᠷᠢᠶᠡᠨ ᠳᠤ ᠨᠢᠭᠡᠳ ᠨᠢᠭᠡ ᠪᠠᠷ ︽ᠰᠢᠭᠰᠢᠨ ᠪᠠᠶᠢᠴᠠᠭᠠᠵᠤ︾᠂ ᠠᠰᠠᠭᠤᠳᠠᠯ ᠢ ᠢᠯᠡᠷᠡᠭᠦᠯᠪᠡᠯ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ  ᠰᠢᠰᠲ᠋ᠧᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠭᠤᠭᠴᠤᠭ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠶ᠃ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠰᠠᠶᠢᠲᠤᠷ ᠠᠳᠬᠤᠵᠤ᠂ ᠭᠤᠣᠯ ᠤᠨ ᠵᠠᠮ᠂ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ᠂ ᠪᠠᠷᠢᠯᠭ᠎ᠠ ᠶᠢᠨ ᠭᠠᠵᠠᠷ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠬᠤᠳᠠ ᠶᠢᠨ ᠠᠮᠠᠷᠬᠠᠨ ᠤᠰᠤ ᠬᠤᠷᠠᠬᠤ ᠴᠡᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠶᠡᠷ ᠤᠨ ᠤᠰᠤ ᠶᠢ ᠵᠠᠯᠠᠬᠤ ᠲᠥᠬᠦᠭᠡᠷᠦᠮᠵᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠬᠢᠨ ᠦᠶᠡᠷ ᠤᠨ ᠬᠤᠭᠤᠴᠠᠭᠠᠨ ᠤ  ᠦᠢᠯᠡᠳᠪᠤᠷᠢᠯᠠᠯ ᠠᠮᠢᠳᠤᠷᠠᠯ ᠤᠨ ᠣᠨᠴᠠᠯᠢᠭ ᠲᠤ ᠴᠢᠭᠯᠡᠭᠦᠯᠦᠨ᠂ ᠴᠠᠭ ᠠᠭᠤᠷ ᠤᠨ ᠬᠤᠪᠢᠷᠠᠯᠲᠠ ᠶᠢ  ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠵᠢᠱᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠣᠯᠤᠨ ᠠᠪᠤᠷᠠᠨ ᠲᠤᠰᠠᠯᠠᠬᠤ ᠡᠩᠨᠡᠭᠡ ᠶᠢ ᠬᠦᠢᠴᠡᠳ ᠰᠠᠶᠢᠲᠤᠷ ᠪᠡᠯᠡᠳᠬᠡᠵᠦ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠬᠡᠰᠡᠨ ᠪᠠᠶᠢᠨ᠎ᠠ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃                
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ