ᠪᠠᠶᠠᠷ ᠤᠨ ᠡᠳᠦᠷ ᠤᠨ ᠬᠡᠷᠡᠭᠯᠡᠭᠡ ᠨᠢ ᠶᠡᠷᠦ ᠠᠴᠠ ᠠᠵᠤ ᠠᠬᠤᠶ ᠶᠢᠨ ᠪᠠᠶᠢᠳᠠᠯ ᠢ ᠮᠡᠳᠡᠬᠦ ᠴᠢᠬᠤᠯᠠ ᠴᠣᠩᠬᠤ ᠪᠣᠯᠤᠭᠰᠠᠭᠠᠷ ᠢᠷᠡᠵᠡᠶ᠃ ᠡᠨᠡ ᠵᠢᠯ ᠤᠨ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠴᠢᠯᠤᠭᠡ ᠨᠢ ᠶᠠᠭ ᠰᠠᠶᠢᠬᠠᠨ ᠲᠡᠭᠡᠳᠤ ᠭᠤᠷᠪᠠ ᠶᠢᠨ ᠰᠤᠷᠤᠭᠴᠢᠳ ᠤᠨ ᠲᠡᠭᠦᠰᠬᠦ ᠤᠯᠠᠷᠢᠯ ᠲᠠᠢ ᠲᠠᠭᠠᠷᠠᠵᠤ᠂ | ᠡᠵᠡᠨ ᠬᠤᠷᠤᠭ᠎ᠠ ᠬᠤᠰᠢᠭᠤᠨ ᠤ ᠬᠢᠨ ᠡᠨᠡ ᠬᠦ ᠤᠨᠴᠠᠭᠠᠢ ᠴᠢᠯᠤᠭᠡᠨ ᠳᠤ ᠲᠠᠭᠠᠷᠠᠭᠤᠯᠤᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠠᠶᠠᠷ ᠳᠤᠷᠠᠰᠬᠠᠯ ᠤᠨ ᠡᠳᠦᠷ ᠤᠨ | ᠲᠠᠸᠠᠷ᠂ ᠢᠳᠡᠭᠡᠨ ᠤᠮᠳᠠᠭᠠᠨ ᠤ ᠬᠡᠷᠡᠭᠯᠡᠭᠡ ᠴᠤ ᠶᠡᠭᠡ ᠪᠠᠷ ᠨᠡᠮᠡᠭᠳᠡᠨ᠂ ᠠᠷᠠᠳ ᠤᠨ ᠵᠠᠩ ᠦᠢᠯᠡ ᠶᠢᠨ ᠰᠣᠶᠣᠯ ᠤᠨ ᠵᠤᠭᠠᠴᠠᠯ᠂ ᠡᠷᠬᠢᠨ ᠲᠣᠭᠤᠷᠢᠨ ᠤ ᠵᠤᠭᠠᠴᠠᠯ | ᠵᠡᠷᠭᠡ ᠶᠢᠨ ᠬᠠᠯᠠᠮᠰᠢᠯ ᠤᠯᠠᠮ ᠢᠶᠠᠷ ᠢᠯᠡᠷᠭᠡᠢ ᠪᠤᠯᠵᠤ᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠵᠤ ᠠᠬᠤᠶ︾ ᠨᠢ ᠬᠡᠷᠡᠭᠯᠡᠭᠡᠨ ᠤ ᠠᠮᠢᠵᠢᠷᠠᠯ ᠤᠨ | ᠬᠦᠴᠦᠨ ᠤ ᠲᠠᠰ ᠳᠡᠪᠰᠢᠭᠰᠡᠨ ᠬᠤᠷᠢᠶᠠᠩᠭᠤᠶ ᠳᠦᠷᠰᠦ ᠪᠣᠯᠵᠠᠶ᠃ | ᠰᠢᠨ᠎ᠡ ᠦᠵᠡᠭᠳᠡᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠨᠠᠭᠠᠳᠬᠤ ᠠᠷᠭ᠎ᠠ ᠪᠣᠯ ᠬᠤᠳᠠᠯᠳᠤᠭᠠᠨ ᠤ ᠲᠣᠭᠤᠷᠢᠭ ᠤᠨ ᠬᠦᠮᠤᠨ ᠤ ᠪᠠᠬ᠎ᠠ ᠶᠢ ᠲᠠᠳᠠᠨ | ᠵᠤᠭᠠᠴᠠᠭᠰᠠᠳ ᠢ ᠦᠯᠡᠳᠡᠭᠡᠬᠦ ︽ᠴᠢᠬᠤᠯᠠ ᠠᠷᠭ᠎ᠠ ᠭᠡᠮᠵᠢᠶ᠎ᠡ︾ ᠪᠤᠯᠤᠨ᠎ᠠ᠃ ᠠᠮᠠᠷᠠᠯᠲᠠ ᠶᠢᠨ ᠬᠤᠭᠤᠴᠠᠭᠠᠨ ᠳᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ | ᠪᠣᠶ ᠪᠣᠯᠭᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠡᠯ᠎ᠡ ᠲᠣᠮᠣ ᠬᠤᠳᠠᠯᠳᠤᠭᠠᠨ ᠤ ᠶᠡᠷᠦᠩᠬᠡᠶ ᠴᠣᠭᠴᠠ ᠶᠢᠨ ᠬᠢᠨ ᠣᠯᠠᠨ ᠵᠦᠢᠯ ᠤᠨ ᠪᠠᠷᠠᠭ᠎ᠠ | ᠬᠤᠳᠠᠯᠳᠤᠨ ᠠᠪᠬᠤ ᠳᠤ ᠬᠠᠷᠠᠭᠠᠯᠵᠠᠯ ᠦᠵᠡᠭᠦᠯᠬᠦ᠂ ᠪᠠᠷᠠᠭ᠎ᠠ ᠬᠤᠳᠠᠯᠳᠤᠨ ᠠᠪᠤᠪᠠᠯ ᠪᠠᠶᠠᠷ ᠤᠨ ᠪᠡᠯᠡᠭ ᠲᠤᠰᠬᠤ᠂ ᠪᠠᠶᠠᠷ ᠤᠨ ᠡᠳᠦᠷ ᠤᠨ ᠠᠮᠲᠠᠲᠤ ᠢᠳᠡᠭᠡᠨ ᠤ | ᠰᠢᠨ᠎ᠡ ᠶᠢ ᠡᠭᠦᠳᠬᠦ ᠵᠡᠷᠭᠡ ᠠᠷᠠᠳ ᠲᠤ ᠠᠰᠢᠭ ᠬᠦᠷᠲᠡᠭᠡᠬᠦ ᠪᠠ ᠬᠤᠳᠠᠯᠳᠤᠭᠠᠴᠢᠨ ᠳᠤ ᠠᠰᠢᠭ ᠬᠦᠷᠲᠡᠭᠡᠬᠦ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ | ᠨᠠᠷᠢᠨ ᠨᠢᠮᠪᠠᠶ ᠵᠤᠬᠢᠶᠠᠨ ᠪᠠᠶᠢᠭᠤᠯᠤᠨ ᠦᠷᠨᠢᠬᠦᠯᠵᠡᠢ᠃ ᠡᠭᠦᠨ ᠤ ᠬᠠᠮᠳᠤ ᠡᠯ᠎ᠡ ᠲᠥᠷᠥᠯ ᠤᠨ ᠰᠦᠯᠵᠢᠶᠡᠨ ᠤᠳᠤᠳ ᠤᠨ ᠳᠡᠯᠭᠡᠭᠦᠷ᠂ ᠠᠩᠬ᠎ᠠ ᠨᠡᠭᠡᠭᠡᠭᠰᠡᠨ | ᠳᠡᠯᠭᠡᠭᠦᠷ ᠨᠢ ᠴᠦ ᠣᠯᠠᠨ ᠤ ᠬᠦᠷᠢᠶᠡᠯᠡᠯ ᠢ ᠶᠡᠭᠡᠪᠡᠷ ᠤᠯᠤᠭᠰᠠᠨ ᠪᠠᠶᠢᠨ᠎ᠠ᠃ | ᠡᠳᠤᠷ ᠤᠨ ᠵᠠᠬ᠎ᠠ ᠨᠢ ᠬᠦᠷ ᠬᠦᠭᠵᠢᠶᠡᠨ ᠲᠠᠢ ᠪᠠᠶᠢᠬᠤ ᠳᠤ ᠰᠦᠨᠢ ᠶᠢᠨ ᠵᠠᠬ᠎ᠠ ᠨᠢ ᠴᠤ ᠨᠠᠷᠬᠢᠶᠠᠨ ᠢᠶᠠᠷ ᠲᠦᠬᠦᠷᠡᠩ ᠪᠠᠶᠢᠯ᠎ᠠ᠃ ᠣᠯᠠᠨ ᠤᠯᠤᠰ ᠤᠨ | ᠠᠷᠠᠯᠵᠢᠶᠠᠨ ᠤ ᠠᠷᠠᠳ ᠲᠤ ᠠᠰᠢᠭ ᠬᠦᠷᠲᠡᠭᠡᠬᠦ ᠰᠥᠨᠢ ᠶᠢᠨ ᠵᠠᠬ᠎ᠠ ᠳᠡᠯᠭᠡᠭᠦᠷ᠂ ᠦᠨᠳᠦᠰᠦᠲᠡᠨ ᠤ ᠵᠡᠭᠡᠯᠢ ᠶᠢᠨ ᠰᠥᠨᠢ ᠶᠢᠨ ᠵᠠᠬ᠎ᠠ ᠳᠡᠯᠭᠡᠭᠦᠷ᠂ ᠤᠰᠤᠨ ᠡᠷᠭᠢ ᠶᠢᠨ | ᠰᠢᠨ᠎ᠡ ᠬᠤᠲᠠ ᠶᠢᠨ ᠰᠥᠨᠢ ᠶᠢᠨ ᠵᠠᠬ᠎ᠠ ᠳᠡᠯᠭᠡᠭᠦᠷ ᠵᠡᠷᠭᠡ ᠤᠨᠴᠠᠯᠢᠬᠳᠤ ᠵᠡᠭᠡᠯᠢ ᠲᠣᠭᠤᠷᠢᠭ ᠤᠨ ᠰᠦᠨᠢ ᠶᠢᠨ ᠵᠠᠬ᠎ᠠ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ᠂ | ᠬᠦᠮᠤᠰ ᠤᠨ ᠬᠠᠯᠠᠭᠤᠨ ᠠᠴᠠ ᠵᠠᠶᠢᠯᠠᠨ ᠶᠠᠳᠠᠷᠠᠭ᠎ᠠ ᠪᠠᠨ ᠲᠠᠶᠢᠯᠬᠤ ᠲᠠᠷᠢᠬᠦᠨ ᠰᠤᠩᠭᠤᠯᠳᠠ ᠪᠤᠯᠵᠤ᠂ ᠬᠥᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ | ᠬᠠᠯᠠᠭᠤᠨ ᠵᠤᠨ ᠰᠡᠯᠡᠬᠦᠴᠡᠨ ᠵᠤᠭᠠᠴᠠᠬᠤ᠂ ᠰᠡᠷᠢᠬᠦᠴᠡᠨ ᠨᠠᠭᠠᠳᠬᠤ ᠨᠢ ᠴᠥᠭᠡᠨ ᠪᠤᠰᠤ ᠬᠡᠷᠡᠭᠯᠡᠭᠴᠢᠳ ᠤᠨ ᠠᠩᠬᠠᠨ ᠤ ᠰᠣᠩᠭᠤᠯᠲᠠ ᠪᠤᠯᠳᠠᠭ ᠠᠴᠠ | ᠡᠵᠡᠨ ᠬᠤᠷᠤᠭ᠎ᠠ ᠬᠤᠰᠢᠭᠤᠨ ᠤ ᠡᠯ᠎ᠡ ᠲᠣᠮᠣ ᠦᠵᠡᠮᠵᠢ ᠶᠢᠨ ᠣᠷᠣᠨ ᠴᠤ ᠦᠪᠡᠷ ᠦᠪᠠᠷ ᠤᠨ ᠤᠷᠴᠢᠨ ᠨᠦᠬᠦᠴᠡᠯ ᠢᠶᠠᠨ ᠵᠠᠯᠭᠠᠭ᠎ᠠ ᠵᠠᠯᠭᠠᠭ᠎ᠠ ᠪᠠᠷ ᠰᠢᠨᠡᠳᠭᠡᠨ | ᠰᠠᠶᠢᠵᠢᠷᠠᠭᠤᠯᠵᠤ᠂ ᠵᠤᠭᠠᠴᠠᠭᠰᠠᠳ ᠲᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠷᠴᠢᠨ ᠲᠤᠭᠤᠷᠢᠨ ᠢ ᠬᠠᠩᠭᠠᠨ ᠦᠭᠴᠦ᠂ ᠦᠶ ᠣᠯᠠᠨ ᠬᠥᠮᠦᠰ ᠤᠨ | ᠠᠩᠬᠠᠷᠤᠯ ᠪᠠᠭ᠋ᠠᠷᠬᠠᠯ ᠢ ᠲᠠᠳᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠵᠤᠭᠠᠴᠠᠭᠰᠠᠳ ᠢ 17. | 32 ᠲᠦᠮᠡᠨ ᠬᠥᠮᠦᠨ ᠤᠳᠠᠭ᠎ᠠ ᠭᠥᠯᠢᠶᠡᠨ ᠠᠪᠴᠤ ᠵᠤᠴᠢᠯᠠᠨ᠂ ᠠᠳᠠᠯᠢ ᠬᠤᠭᠤᠴᠠᠭᠠᠨ ᠤ ᠬᠢ ᠠᠴᠠ 40.6% ᠪᠠᠷ ᠨᠡᠮᠡᠭᠳᠡᠵᠦ᠂ ᠶᠡᠷᠦᠩᠬᠡᠶ ᠣᠷᠣᠯᠭ᠎ᠠ ᠶᠢ 1. | 25182 ᠳ᠋ᠦᠩᠰᠢᠭᠤᠷ ᠲᠥᠭᠦᠷᠢᠭ ᠪᠡᠶᠡᠯᠡᠬᠦᠯᠦᠨ᠂ ᠠᠳᠠᠯᠢ ᠬᠤᠭᠤᠴᠠᠭᠠᠨ ᠤ ᠬᠢ ᠠᠴᠠ 54.5% ᠪᠠᠷ ᠨᠡᠮᠡᠭᠳᠡᠭᠰᠡᠨ ᠪᠠᠶᠢᠨ᠎ᠠ᠃ | |