ᠡᠵᠡᠨ ᠬᠤᠷᠤᠭ᠎ᠠ ᠬᠤᠰᠢᠭᠤ ︽ᠭᠤᠷᠪᠠᠨ ᠨᠢᠭᠡ︾᠎ ᠶᠢᠨ ᠬᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
      ᠭᠡᠷ ᠪᠦᠯᠢ ᠪᠣᠯ ᠨᠡᠶᠢᠭᠡᠮ ᠤᠨ ᠪᠦᠷᠢᠯᠳᠤᠬᠦᠨ᠂ ᠵᠣᠯ ᠵᠢᠷᠭᠠᠯ ᠤᠨ ᠤᠷᠤᠨ᠂ ᠪᠠᠰᠠ ᠴᠤ ᠰᠢᠨ᠎ᠡ ᠪᠠᠶᠢᠳᠠᠯ ᠤᠨ ᠳᠣᠣᠷᠠᠬᠢ ᠢᠯᠵᠠᠷᠠᠯ ᠢ ᠡᠰᠡᠷᠭᠦᠴᠡᠨ ᠬᠤᠪᠢᠷᠠᠯᠳᠠ ᠶᠢ ᠰᠡᠷᠭᠡᠶᠢᠯᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ  ᠪᠤᠯᠤᠨ᠎ᠠ᠃ ᠠᠷᠢᠭᠤᠨ ᠴᠢᠬᠡᠴᠢ ᠰᠣᠶᠣᠯ ᠢ ᠬᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠬᠡᠷ ᠪᠦᠯᠢ ᠶᠢ ᠬᠥᠲᠥᠯᠦᠨ ᠵᠢᠯᠣᠭᠤᠳᠴᠤ ᠪᠠᠶᠢᠭᠠᠳ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠰᠢᠯᠢᠳᠡᠭ ᠬᠡᠷ ᠤᠨ ᠰᠤᠷᠲᠠᠯ ᠢ ᠤᠯᠠᠮᠵᠢᠯᠠᠨ᠂ ᠠᠷᠢᠭᠤᠨ ᠴᠢᠬᠡᠴᠢ ᠬᠡᠪ ᠰᠤᠷᠲᠠᠯ ᠢ ᠬᠠᠮᠠᠭᠠᠯᠠᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠠᠴᠠ ᠡᠯ᠎ᠡ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ︽ᠨᠢᠭᠡᠳᠦᠭᠡᠷ ᠭᠠᠷ︾᠎ ᠤᠨ ᠬᠡᠷ ᠤᠨ ᠪᠦᠷᠢᠯᠳᠤᠬᠦᠨ ᠵᠡᠷᠭᠡ 41 ᠬᠥᠮᠦᠨ᠂  ᠡᠵᠡᠨ ᠬᠤᠷᠤᠭ᠎ᠠ ᠶᠢᠨ ᠭᠢᠨᠳᠠᠨ ᠳᠤ ᠬᠦᠷᠴᠦ ︽︿ᠠᠷᠢᠭᠤᠨ ᠴᠢᠬᠡᠴᠢ ᠪᠠᠷ ᠭᠡᠷ ᠪᠦᠯᠢ ᠳᠤ ᠪᠠᠨ ᠲᠤᠰᠠᠯᠠᠬᠤ﹀ ᠠᠵᠢᠯ ᠢ ᠰᠠᠶᠢᠲᠤᠷ ᠬᠢᠵᠦ ︿ᠬᠡᠷ ᠪᠦᠯᠢ﹀᠎ ᠶᠢᠨ ᠬᠦᠴᠦᠨ ᠢ ᠨᠢᠭᠲᠠᠷᠠᠭᠤᠯᠵᠤ ︿ᠠᠷᠢᠭᠤᠨ ᠴᠢᠬᠡᠴᠢ﹀ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ︾ ᠠᠷᠢᠭᠤᠨ ᠴᠢᠬᠡᠴᠢ ᠰᠣᠶᠣᠯ ᠢ ᠬᠡᠷ ᠪᠦᠯᠢ ᠳᠤ ᠣᠷᠣᠭᠤᠯᠬᠤ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃      ᠨᠢᠭᠡ ᠬᠤᠪᠢ ︽ᠠᠷᠢᠭᠤᠨ ᠴᠢᠬᠡᠴᠢ ᠶᠢ ᠲᠤᠰᠠᠯᠠᠬᠤ︾ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠪᠠ᠃ ᠠᠵᠢᠯᠯᠠᠭ᠎ᠠ ᠳᠤ ᠣᠷᠣᠯᠴᠠᠭᠰᠠᠨ ᠬᠡᠷ ᠪᠦᠯᠢ ᠶᠢᠨ ᠬᠢᠨ ᠳᠤ ᠬᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠬᠡᠷ ᠪᠦᠯᠢ ᠶᠢᠨ ᠪᠦᠷᠢᠯᠳᠦᠬᠦᠨ ᠤ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠵᠤ᠂ ᠬᠡᠷ ᠪᠦᠯᠢ ᠶᠢᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠬᠤ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠬᠤ᠂ ᠨᠡᠶᠢᠭᠡᠮ ᠵᠢᠷᠤᠮ ᠤᠨ  ᠭᠤᠤᠯᠯᠠᠭᠴᠢ ᠥᠷᠲᠡᠭ ᠤᠨ ᠦᠵᠡᠯᠲᠡ ᠶᠢ ᠪᠣᠶ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠢ ᠪᠤᠯᠭᠠᠭᠰᠠᠨ ᠪᠠᠶᠢᠨ᠎ᠠ᠃      ᠨᠢᠭᠡ ᠤᠳᠠᠭᠠᠨ ᠤ ︽ᠠᠷᠢᠭᠤᠨ ᠴᠢᠬᠡᠴᠢ ᠶᠢ ᠰᠠᠬᠢᠬᠤ︾ ᠰᠡᠷᠡᠮᠵᠢ ᠶᠢᠨ ᠬᠥᠮᠦᠵᠢᠯ  ᠬᠢᠪᠡ᠃ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠦᠰ ᠤᠨ ᠬᠤᠨᠣᠵᠤ ᠬᠡᠪᠲᠡᠬᠦ ᠠᠮᠢᠳᠤᠷᠠᠯ ᠤᠨ ᠣᠷᠴᠢᠨ ᠲᠣᠭᠤᠷᠢᠨ ᠢ ︽  ᠤᠷᠤᠨ ᠵᠠᠶ ᠦᠯᠡᠳᠡᠭᠡᠬᠦ ᠦᠭᠡᠶ︾᠎ ᠪᠠᠷ ᠲᠣᠭᠤᠷᠢᠨ ᠦᠵᠡᠵᠦ᠂ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠦᠰ ᠤᠨ ᠥᠪᠡᠷ ᠤᠨ ᠪᠡᠶ᠎ᠡ ᠶᠢᠨ ᠠᠯᠳᠠᠭ᠎ᠠ ᠪᠠᠨ ᠲᠤᠭᠠᠴᠢᠬᠤ ᠶᠢ ︽ᠨᠢᠭᠤᠷᠲᠠᠨ︾ ᠰᠣᠨᠣᠰᠴᠤ᠂ ᠭᠡᠷ ᠪᠦᠯᠢ ᠶᠢᠨ ᠬᠢᠨ ᠳᠤ ᠨᠢᠭᠡ ᠤᠳᠠᠭᠠᠨ ᠤ ︽ᠵᠢᠪᠪᠦᠭᠦᠯᠬᠦ ᠮᠠᠶ᠋ᠢᠭ︾᠎ ᠤᠨ ᠰᠡᠷᠡᠮᠵᠢᠯᠡᠭᠦᠯᠬᠦ ᠬᠥᠮᠦᠵᠢᠯ ᠬᠦᠷᠲᠡᠭᠡᠵᠦ᠂ ᠬᠡᠷᠡᠭ ᠢᠶᠠᠷ ᠲᠣᠯᠢ ᠪᠣᠯᠭᠠᠨ᠂ ᠰᠡᠷᠡᠮᠵᠢ ᠶᠢᠨ ᠬᠤᠩᠬᠤ ᠶᠢ ᠪᠠᠶᠢᠩᠭᠤ  ᠳᠤᠤᠭᠠᠷᠭᠠᠵᠤ ᠪᠠᠶᠢᠨ᠎ᠠ᠃      ᠨᠢᠭᠡ ᠪᠦᠯᠦᠭ ︽ᠠᠷᠢᠭᠤᠨ ᠴᠢᠬᠡᠴᠢ ᠶᠢ ᠪᠠᠳᠠᠷᠠᠭᠤᠯᠬᠤ︾ ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ ᠰᠠᠶᠢᠨ ᠭᠡᠷ ᠤᠨ ᠶᠣᠰᠣ ᠶᠢ ᠡᠷᠢᠯᠬᠢᠯᠡᠪᠡ᠃ ᠠᠵᠢᠯᠯᠠᠭ᠎ᠠ ᠳᠤ ᠣᠷᠣᠯᠴᠠᠭᠰᠠᠨ ᠬᠡᠷ ᠪᠦᠯᠢ ᠠᠴᠠ ᠨᠢᠭᠡ ᠪᠦᠯᠦᠭ ᠬᠡᠷ ᠤᠨ ᠰᠤᠷᠲᠠᠯ ᠬᠡᠷ ᠤᠨ ᠰᠤᠷᠭᠠᠯ ᠬᠡᠷ ᠤᠨ ᠶᠣᠰᠣ ᠲᠦᠷᠢᠮ ᠢ ᠴᠤᠭᠯᠠᠭᠤᠯᠵᠤ᠂ ᠬᠡᠷ ᠪᠦᠯᠢ ᠪᠠᠨ ᠠᠷᠢᠭᠤᠨ ᠴᠢᠬᠡᠴᠢ ᠪᠣᠯᠭᠠᠭᠰᠠᠨ ᠰᠢᠯᠢᠳᠡᠭ ᠬᠡᠷ ᠤᠨ ᠰᠤᠷᠲᠠᠯ ᠤᠨ ᠥᠯᠢᠭᠡᠷ ᠢ ᠳᠡᠯᠭᠡᠨ ᠦᠵᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠤᠳᠤᠷᠢᠳᠬᠤ ᠺᠠᠳ᠋ᠷᠴᠤᠳ ᠤᠨ ᠬᠡᠷ ᠪᠦᠯᠢ ᠶᠢ ᠳᠠᠭᠠᠭᠤᠯᠤᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠬᠡᠷ ᠪᠦᠯᠢ ᠶᠢ ᠰᠠᠶᠢᠲᠤᠷ ᠪᠥᠲᠥᠭᠡᠨ ᠪᠠᠶᠢᠭᠤᠯᠵᠤ᠂ ᠬᠡᠷ ᠤᠨ ᠰᠤᠷᠭᠠᠯ ᠢ ᠰᠠᠶᠢᠲᠤᠷ ᠬᠠᠳᠠᠭᠠᠯᠠᠵᠤ᠂ ᠬᠡᠷ ᠤᠨ ᠰᠤᠷᠲᠠᠯ ᠢ ᠰᠠᠶᠢᠲᠤᠷ ᠤᠯᠠᠮᠵᠢᠯᠠᠨ  ᠵᠠᠯᠭᠠᠮᠵᠢᠯᠠᠭᠤᠯᠵᠣ ᠪᠠᠶᠢᠨ᠎ᠠ᠃      ᠬᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠠᠵᠢᠯᠯᠠᠭ᠎ᠠ ᠶᠢᠨ ᠵᠣᠷᠢᠯᠭ᠎ᠠ ᠨᠢ ᠠᠷᠢᠭᠤᠨ ᠴᠢᠬᠡᠴᠢ ᠰᠣᠶᠣᠯ ᠢ ᠤᠷᠢᠶᠠᠯᠠᠨ ᠰᠠᠨᠠᠭᠠᠴᠢᠯᠠᠵᠤ᠂ ᠬᠡᠷ ᠪᠦᠯᠢ ᠶᠢᠨ ᠪᠦᠷᠢᠯᠳᠦᠬᠦᠨ ᠤ ᠠᠷᠢᠭᠤᠨ ᠴᠢᠬᠡᠴᠢ ᠶᠢᠨ ᠤᠬᠠᠮᠰᠠᠷ ᠪᠣᠯᠤᠨ ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠦᠷᠦᠭᠦᠯᠡᠨ ᠬᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠦᠢᠯᠡᠳᠦᠯᠭᠡᠵᠢᠭᠦᠯᠦᠭᠴᠢ ᠪᠣᠯᠤᠨ ᠲᠠᠭᠤᠷᠢᠶᠠᠯ ᠦᠵᠡᠭᠦᠯᠦᠭᠴᠢ ᠪᠤᠯᠬᠤ ᠶᠠᠪᠤᠳᠠᠯ ᠪᠤᠯᠤᠨ᠎ᠠ᠃       ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠢᠨ ᠣᠯᠠᠨ ᠬᠡᠯᠪᠡᠷᠢ ᠶᠢᠨ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠬᠡᠷᠡᠮ ᠢ ᠪᠠᠬᠢᠵᠢᠭᠦᠯᠵᠦ᠂ ᠢᠯᠵᠠᠷᠠᠬᠤ ᠵᠣᠷᠢᠭ ᠥᠬᠡᠶ᠂ ᠢᠯᠵᠠᠷᠠᠵᠤ ᠴᠢᠳᠠᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠠᠷᠢᠭᠤᠨ ᠴᠢᠬᠡᠴᠢ ᠠᠭᠤᠷ ᠠᠮᠢᠰᠬᠤᠯ ᠢ ᠢᠳᠡᠪᠬᠢᠲᠡᠶ ᠪᠣᠶ  ᠪᠤᠯᠭᠠᠬᠤ ᠪᠠᠷ ᠪᠠᠶᠢᠨ᠎ᠠ᠃         
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ