ᠡᠤ ᠶᠦᠨ ᠶᠦᠩ ᠬᠦᠶ ᠠᠮᠢ ᠠᠬᠤᠶ ᠶᠢᠨ ᠬᠦᠷᠢᠶᠡᠯᠡᠩ ᠤᠨ ᠲᠥᠷᠥᠯ ᠵᠤᠶᠢᠯ ᠤᠨ ᠵᠢᠷᠤᠭ ᠲᠥᠯᠥᠪᠯᠡᠭᠡ ᠶᠢᠨ ᠲᠥᠰᠦᠯ ᠪᠠ 2024 ᠣᠨ ᠤ ᠳᠤᠯᠠᠭᠠᠨ ᠬᠤᠲᠠ ᠶᠢᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ
ᠨᠡᠶᠢᠲᠡᠯᠡᠭᠰᠡᠨ ᠴᠠᠭ᠄
2024/7/17
      5 ᠳ᠋ᠤᠭᠠᠷ ᠰᠠᠷ᠎ᠠ ᠶᠢᠨ 10᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ  ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠦᠩ ᠬᠦᠶ ᠠᠮᠢ ᠠᠬᠤᠶ ᠶᠢᠨ ᠬᠦᠷᠢᠶᠡᠯᠡᠩ ᠤᠨ ᠲᠥᠷᠥᠯ ᠵᠤᠶᠢᠯ ᠤᠨ ᠵᠢᠷᠤᠭ ᠲᠥᠯᠥᠪᠯᠡᠭᠡ ᠶᠢᠨ ᠲᠥᠰᠦᠯ ᠪᠠ 2024 ᠣᠨ ᠤ ᠳᠤᠯᠠᠭᠠᠨ ᠬᠤᠲᠠ ᠶᠢᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠶᠦᠩ ᠬᠦᠶ ᠠᠮᠢ ᠠᠬᠤᠶ ᠶᠢᠨ ᠬᠦᠷᠢᠶᠡᠯᠡᠩ ᠤᠨ ᠲᠥᠷᠥᠯ ᠵᠤᠶᠢᠯ ᠢ ᠵᠢᠷᠤᠵᠤ ᠲᠥᠯᠥᠪᠯᠡᠬᠦ ᠲᠥᠰᠦᠯ ᠳᠤ ᠬᠠᠮᠢᠶ᠎ᠠ ᠪᠥᠬᠦᠶ ᠰᠠᠨᠠᠭᠤᠯᠭ᠎ᠠ ᠳᠤᠷᠠᠳᠴᠤ᠂ ᠲᠥᠷᠥᠯ ᠵᠤᠶᠢᠯ ᠢ ᠵᠢᠷᠤᠵᠤ ᠲᠥᠯᠥᠪᠯᠡᠬᠦ ᠪᠠ ᠪᠥᠲᠥᠭᠡᠨ ᠪᠠᠶᠢᠭᠤᠯᠬᠤ ᠶᠠᠪᠤᠴᠠ ᠳᠤ ᠵᠥᠷᠢᠶ᠎ᠡ ᠶᠢ ᠳᠣᠪᠤᠶᠢᠯᠭᠠᠵᠤ᠂ ᠣᠷᠣᠨ ᠨᠤᠲᠤᠭ ᠤᠨ ᠣᠨᠴᠠᠯᠢᠭ ᠢ ᠬᠦᠢᠴᠡᠳ ᠢᠯᠡᠷᠡᠭᠦᠯᠦᠨ᠂ ᠴᠢᠨᠠᠷ ᠰᠠᠶᠢᠲᠠᠶ᠂ ᠦᠷᠭᠦᠯᠵᠢᠯᠡᠬᠦ᠋ᠢᠴᠡ ᠲᠠᠷᠢᠶᠠᠯᠠᠩ᠂ ᠰᠣᠶᠣᠯ᠂ ᠵᠢᠭᠤᠯᠴᠢᠯᠠᠯ ᠢ ᠠᠭᠤᠰᠤᠯᠴᠠᠭᠤᠯᠬᠤ ᠲᠥᠷᠥᠯ  ᠵᠤᠶᠢᠯ ᠢ ᠪᠣᠶ ᠪᠣᠯᠭᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ ᠪᠠᠶᠢᠭᠠᠳ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠱᠠᠭᠠᠷᠳᠠᠪᠠ᠃ ᠬᠤᠷᠠᠯ ᠠᠴᠠ ᠪᠠᠰᠠ 2024 ᠣᠨ ᠤ ᠳᠤᠯᠠᠭᠠᠨ ᠬᠤᠲᠠ ᠶᠢᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠳᠤ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠳᠤᠷᠠᠳᠴᠠᠶ᠃      ᠬᠤᠰᠢᠭᠤᠨ ᠤ ᠤᠳᠤᠷᠢᠳᠤᠯᠭ᠎ᠠ ᠯᠢᠦ ᠰᠢᠶᠤᠤ ᠳ᠋ᠦᠩ᠂ ᠵᠤᠤ ᠸᠧᠢ᠂ ᠴᠢ ᠬᠤᠩ ᠮᠧᠢ ᠵᠢᠴᠢ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃                   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ