ᠡᠵᠡᠨ ᠬᠤᠷᠤᠭ᠎ᠠ ᠬᠤᠰᠢᠭᠤᠨ ᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/7/17
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ  ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠬᠠᠮᠲᠤᠷᠠᠨ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠶ ᠰᠠᠨᠠᠯ︾᠎ ᠤᠨ ᠱᠠᠭᠠᠷᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠳᠤᠮᠳᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠯᠲᠡ ᠶᠢ ᠬᠦᠴᠦᠯᠡᠨ ᠰᠠᠶᠢᠲᠤᠷ ᠬᠢᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠴᠢᠨᠠᠷ ᠰᠠᠶᠢᠲᠠᠶ ᠬᠥᠭᠵᠢᠯᠲᠡ ᠶᠢ ᠨᠢᠭᠡ ᠴᠤᠭᠴᠠᠵᠢᠭᠤᠯᠤᠨ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 13᠎ ᠤ ᠡᠳᠦᠷ᠂ ᠡᠵᠡᠨ ᠬᠤᠷᠤᠭ᠎ᠠ ᠬᠤᠰᠢᠭᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠡᠬᠢᠯᠡᠯᠳᠠ ᠶᠢᠨ ᠶᠤᠰᠤᠯᠠᠯ ᠵᠢᠴᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠰᠤᠷᠭᠠᠭᠤᠯᠢ ᠳᠤ ᠶᠠᠪᠤᠭᠳᠠᠪᠠ᠃ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠶᠠᠨ᠂ ᠬᠤᠰᠢᠭᠤ ᠳᠡᠳ᠋ ᠳᠠᠷᠤᠭ᠎ᠠ ᠴᠢ ᠬᠤᠩ ᠮᠧᠶ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ︽ᠰᠢᠨᠵᠢᠯᠡᠭᠡ ᠮᠡᠷᠭᠡᠵᠢᠯ ᠤᠨ ᠬᠦᠮᠦᠵᠢᠯ ᠎ ᠢ ᠬᠤᠪᠢᠳᠠᠨ ᠬᠠᠮᠢᠠᠷᠬᠤ ᠳᠡᠳ᠋ ᠵᠠᠬᠢᠷᠤᠯ ᠢ ᠤᠷᠢᠨ ᠲᠣᠮᠢᠯᠠᠬᠤ ᠲᠤᠬᠠᠶ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠮᠡᠳᠡᠭᠳᠡᠯ︾᠎ ᠢ ᠤᠩᠰᠢᠨ ᠨᠡᠶᠢᠲᠡᠯᠡᠵᠦ᠂ ᠰᠤᠷᠭᠠᠭᠤᠯᠢ ᠶᠢᠨ ᠭᠠᠳᠠᠨᠠᠬᠢ  ᠰᠢᠨᠵᠢᠯᠡᠭᠡ ᠮᠡᠷᠭᠡᠵᠢᠯ ᠤᠨ ᠬᠦᠮᠦᠵᠢᠯ ᠤᠨ ᠳᠡᠳ᠋ ᠵᠠᠬᠢᠷᠤᠯ ᠳᠤ ᠤᠷᠢᠯᠭ᠎ᠠ ᠶᠢᠨ ᠪᠢᠴᠢᠭ ᠣᠯᠭᠤᠬᠤ ᠶᠢᠨ ᠬᠠᠮᠲᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠫᠠᠶᠢᠰᠠ ᠣᠯᠭᠤᠪᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠲᠣᠰ ᠲᠣᠰ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠰᠤᠷᠭᠠᠭᠤᠯᠢ ᠶᠢᠨ ᠪᠠᠭ᠎ᠠ ᠰᠤᠷᠭᠠᠭᠤᠯᠢ᠂ ᠠᠩᠬ᠎ᠠ ᠳᠤᠮᠳᠠᠳᠤ ᠶᠢᠨ ᠬᠡᠯᠲᠡᠰ ᠲᠤ ᠬᠦᠷᠴᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠢᠴᠢᠶᠡᠯ ᠢ ᠲᠣᠭᠤᠷᠢᠨ ᠦᠵᠡᠪᠡ᠃ ᠪᠠᠰᠠ ᠯᠦᠸᠧ ᠰᠢᠩ ᠺᠠᠶ᠂ ᠯᠢᠦ ᠵᠥᠩ ᠢ᠂ ᠵᠢᠩ ᠬᠠᠶ ᠷᠦᠩ᠂ ᠸᠠᠩ ᠵᠢᠶᠠᠨ᠂ ᠸᠧᠶ ᠶᠦᠨ ᠭᠠᠩ ᠲᠤᠰᠬᠠᠶ ᠮᠡᠷᠭᠡᠵᠢᠯᠲᠡᠨ ᠢ ᠲᠣᠰ ᠲᠣᠰ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠰᠤᠷᠭᠠᠭᠤᠯᠢ ᠶᠢᠨ ᠠᠩᠬ᠎ᠠ ᠳᠤᠮᠳᠠᠳᠤ ᠪᠠ ᠪᠠᠭ᠎ᠠ ᠰᠤᠷᠭᠠᠭᠤᠯᠢ᠂ ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠪᠠ ᠨᠠᠢᠮᠠᠳᠤᠭᠠᠷ ᠪᠠᠭ᠎ᠠ ᠰᠤᠷᠭᠠᠭᠤᠯᠢ ᠳᠤ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃       ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠰᠤᠨ ᠲᠡᠶᠢᠷᠦᠯᠲᠦ ᠰᠤᠮᠤ ᠶᠢᠨ ᠥᠨᠳᠥᠷ ᠢ ᠬᠠᠷᠢᠴᠠᠭᠤᠯᠬᠤ᠂ ᠴᠠᠭᠠᠰᠤᠨ ᠬᠥᠭᠦᠷᠭᠡ ᠶᠢᠨ ᠬᠦᠨᠳᠦ ᠶᠢ ᠳᠠᠭᠠᠭᠠᠬᠤ᠂ ᠥᠪᠡᠰᠦᠪᠡᠨ ᠦᠢᠯᠡᠳᠦᠭᠰᠡᠨ ᠵᠢᠵᠢᠭ ᠲᠡᠷᠭᠡ ᠶᠢᠨ ᠬᠤᠷᠳᠤᠴᠠ ᠮᠥᠷᠦ᠋ᠢᠴᠡᠬᠦ᠂ ᠬᠥᠮᠦᠨ ᠤ ᠪᠡᠶ᠎ᠡ ᠶᠢᠨ ᠵᠢᠵᠢᠭ ᠪᠦᠲᠦᠴᠡ ᠪᠠ ᠡᠷᠬᠡᠲᠡᠨ ᠤ ᠵᠠᠭᠪᠤᠷ ᠢ ᠨᠡᠶᠢᠯᠡᠭᠦᠯᠦᠨ ᠤᠭᠰᠠᠷᠠᠬᠤ ᠤᠷᠤᠯᠳᠤᠭᠠᠨ ᠵᠡᠷᠭᠡ ᠨᠡᠶᠢᠲᠡ 13 ᠤᠷᠤᠯᠳᠤᠭᠠᠨ ᠤ ᠲᠥᠷᠥᠯ ᠵᠤᠶᠢᠯ ᠪᠠᠶᠢᠵᠤ᠂ ᠤᠷᠤᠯᠳᠤᠭᠠᠨ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠵᠤ᠂ ᠱᠠᠩᠨᠠᠯ ᠣᠯᠤᠭᠰᠠᠨ ᠰᠤᠷᠤᠭᠴᠢᠳ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠣᠯᠭᠤᠨ᠎ᠠ᠃       ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠰᠤᠷᠭᠠᠭᠤᠯᠢ ᠶᠢᠨ ᠳᠣᠯᠣᠳᠤᠭᠠᠷ ᠣᠨ ᠤ ᠰᠣᠷᠣᠭᠴᠢ ᠯᠢᠦ ᠵᠦᠸᠧ ᠶᠤᠸᠠᠢ ᠰᠤᠷᠪᠤᠯᠵᠢᠯᠠᠭᠴᠢ ᠳᠤ᠄ ︽ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠳᠡᠮᠵᠢᠨ᠂ ᠮᠢᠨᠦ ᠭᠠᠷ ᠬᠥᠳᠡᠯᠬᠦ ᠴᠢᠳᠠᠪᠤᠷᠢ ᠶᠢ ᠬᠥᠮᠦᠵᠢᠭᠦᠯᠦᠭᠰᠡᠨ ᠪᠥᠭᠡᠳ ᠪᠠᠰᠠ ᠮᠠᠨ ᠤ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠬᠥᠮᠦᠵᠢᠭᠦᠯᠵᠡᠶ᠂ ᠪᠢ ᠰᠢᠨᠵᠢᠯᠡᠬᠦ ᠤᠬᠠᠭᠠᠨ ᠳᠤ ᠨᠠᠩ ᠪᠠᠭ᠋ᠠᠳᠠᠢ ᠪᠣᠯᠵᠣ᠂ ᠡᠶᠢᠮᠦᠷᠬᠦ ᠤᠳᠬ᠎ᠠ ᠠᠭᠤᠯᠭ᠎ᠠ ᠲᠠᠢ ᠰᠢᠨᠵᠢᠯᠡᠬᠦ ᠤᠬᠠᠭᠠᠨ ᠤ ᠠᠵᠢᠯᠯᠠᠭ᠎ᠠ ᠳᠤ ᠨᠠᠩ ᠢᠯᠡᠭᠦᠦ ᠣᠷᠣᠯᠴᠠᠨ᠎ᠠ︾ ᠬᠡᠵᠤ ᠪᠠᠶᠢᠪᠠ᠃       ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤ ᠲᠣᠰ ᠤᠳᠠᠭᠠᠨ ᠤ ᠡᠭᠦᠳᠦᠨ ᠪᠠᠶᠢᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠢᠴᠢᠶᠡᠯ ᠢ ᠰᠢᠯᠢᠳᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ᠂ ᠲᠥᠷᠥᠯ ᠵᠤᠶᠢᠯ ᠤᠨ ᠮᠠᠶ᠋ᠢᠭ ᠤᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮ ᠢ ᠪᠣᠶ ᠪᠣᠯᠭᠠᠨ᠎ᠠ᠃  ᠡᠬᠦᠨ ᠤ ᠬᠠᠮᠲᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠵᠦ᠂ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠰᠠᠨᠠᠭᠠᠴᠢᠯᠠᠭ᠎ᠠ ᠠᠴᠠ ᠪᠠᠨ ᠬᠠᠶᠢᠨ  ᠰᠦᠪᠡᠭᠴᠢᠯᠡᠵᠦ᠂ ᠬᠢᠴᠢᠶᠡᠯ ᠤᠨ ᠨᠡᠭᠡᠭᠡᠯᠲᠡ᠂ ᠰᠢᠨᠵᠢᠯᠡᠬᠦ ᠤᠬᠠᠭᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠬᠤ ᠵᠡᠷᠭᠡ ᠬᠦᠷᠢᠶᠡᠨ ᠤ ᠭᠦᠨᠵᠡᠭᠡᠶ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠢ ᠬᠡᠷᠡᠭᠵᠢᠭᠦᠯᠬᠦ ᠰᠢᠨ᠎ᠡ ᠠᠷᠭ᠎ᠠ ᠵᠠᠮ ᠪᠠ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠬᠡᠪ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠨ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ︾᠎ ᠶᠢ ᠪᠠᠶᠢᠭᠤᠯᠬᠤ ᠶᠢ  ᠠᠬᠢᠭᠤᠯᠵᠤ᠂ ᠡᠯ᠎ᠡ ᠰᠤᠷᠤᠯᠭ᠎ᠠ ᠶᠢᠨ  ᠬᠤᠭᠤᠴᠠᠭᠠᠨ ᠤ ᠳᠡᠭᠡᠭᠰᠢ ᠲᠤᠷᠤᠭᠰᠢ ᠬᠤᠯᠪᠣᠨ ᠵᠠᠯᠭᠠᠬᠤ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ  ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠤᠬᠦᠯᠦᠨ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠎ ᠶᠢᠨ ᠰᠢᠨ᠎ᠡ ᠳᠡᠭᠲᠡᠷ ᠲᠤ  ᠭᠠᠷᠬᠤ᠂ ᠳᠡᠭᠡᠳᠦ ᠳᠠᠪᠬᠤᠷᠭ᠎ᠠ᠂ ᠬᠢᠷᠢ ᠬᠡᠮᠵᠢᠶ᠎ᠡ ᠳᠤ ᠬᠦᠷᠬᠦ ᠎ ᠶᠢ ᠠᠬᠢᠭᠤᠯᠵᠤ᠂ ᠪᠦᠬᠦ ᠬᠤᠲᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠤᠪᠢ ᠨᠡᠮᠡᠷᠢ ᠎ ᠳᠤ ᠲᠤᠯᠢ ᠪᠣᠯᠭᠠᠵᠤ ᠂ ︽ᠡᠵᠡᠨ ᠬᠤᠷᠤᠭ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠠᠭᠪᠤᠷ︾ ᠎ ᠢ  ᠬᠠᠭᠤᠯᠠᠪᠤᠷᠢ  ᠪᠣᠯᠭᠠᠬᠤ ᠶᠢᠨ ᠲᠦᠯᠦᠭᠡ ᠶᠤᠮ ᠃       ᠲᠣᠰ ᠤᠳᠠᠭᠠᠨ ᠤ ᠠᠵᠢᠯᠯᠠᠭ᠎ᠠ ᠶᠢ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠵᠡᠨ ᠬᠤᠷᠤᠭ᠎ᠠ ᠬᠤᠰᠢᠭᠤᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠤ ᠲᠥᠪ ᠪᠣᠯᠤᠨ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠤᠨ ᠬᠤᠶᠠᠳᠤᠭᠠᠷ ᠬᠠᠷᠢᠶᠠᠲᠤ ᠰᠤᠷᠭᠠᠭᠤᠯᠢ ᠳᠠᠭᠠᠭᠠᠴᠢᠯᠠᠨ ᠡᠷᠭᠢᠯᠡᠪᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠰᠢᠨᠵᠢᠯᠡᠬᠦ ᠤᠬᠠᠭᠠᠨ ᠤ ᠵᠢᠭᠠᠨ ᠰᠤᠳᠤᠯᠤᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠪᠣᠯᠤᠨ ᠰᠢᠨᠵᠢᠯᠡᠬᠦ ᠤᠬᠠᠭᠠᠨ ᠤ ᠪᠠᠭᠰᠢ ᠵᠢᠴᠢ ᠬᠤᠯᠪᠣᠭᠳᠠᠯ ᠪᠦᠬᠦᠢ ᠰᠤᠷᠭᠠᠭᠤᠯᠢ ᠶᠢᠨ ᠰᠤᠷᠤᠭᠴᠢᠳ ᠠᠵᠢᠯᠯᠠᠭ᠎ᠠ ᠳᠤ ᠤᠷᠤᠯᠴᠠᠪᠠ᠃                      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ