ᠬᠤᠨᠢᠴᠢᠨᠭᠤᠤᠯ ᠪᠠᠯᠭᠠᠰᠤ
ᠨᠡᠶᠢᠲᠡᠯᠡᠭᠰᠡᠨ ᠴᠠᠭ᠄
2024/7/18
      ᠬᠤᠨᠢᠴᠢᠨᠭᠤᠤᠯ ᠪᠠᠯᠭᠠᠰᠤ ᠪᠣᠯ ᠡᠵᠡᠨ ᠬᠤᠷᠤᠭ᠎ᠠ ᠬᠤᠰᠢᠭᠤᠨ ᠤ ᠪᠠᠷᠠᠭᠤᠨ ᠪᠡᠶ᠎ᠡ ᠳᠤ ᠪᠠᠶᠢᠷᠢᠯᠠᠵᠤ᠂ ᠲᠡᠷᠡ ᠪᠣᠯ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠪᠠᠯᠭᠠᠰᠤ ᠪᠣᠯᠣᠨ᠎ᠠ᠃ ᠪᠥᠬᠦ ᠪᠠᠯᠭᠠᠰᠤᠨ ᠤ ᠶᠡᠷᠦᠩᠬᠡᠢ ᠲᠠᠯᠠᠪᠠᠶ ᠨᠢ 1000 ᠲᠡᠭᠰᠢ ᠳᠥᠷᠪᠡᠯᠵᠢᠨ ᠺᠢᠯᠣᠮᠧᠲᠷ᠂ ᠪᠥᠬᠦ ᠪᠠᠯᠭᠠᠰᠤᠨ ᠤ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠶ ᠨᠢ 16 ᠲᠦᠮᠡᠨ ᠮᠦ ᠪᠠᠶᠢᠵᠤ᠂ ᠬᠠᠷᠢᠶᠠᠨ ᠳᠤ 28 ᠵᠠᠰᠠᠭ ᠵᠠᠬᠢᠷᠭᠠᠨ ᠤ ᠲᠣᠰᠬᠤᠨ᠂ 1 ᠨᠡᠶᠢᠭᠡᠮ ᠲᠣᠭᠤᠷᠢᠭ᠂ 185 ᠲᠣᠰᠬᠤᠨ ᠤ ᠠᠷᠠᠳ ᠤᠨ ᠳᠤᠭᠤᠶᠢᠯᠠᠩ ᠪᠠᠶᠢᠵᠤ᠂ ᠶᠡᠷᠦᠩᠬᠡᠢ ᠬᠥᠮᠥᠨ ᠠᠮᠠ ᠨᠢ 29513 ᠬᠥᠮᠥᠨ ᠪᠠᠶᠢᠨ᠎ᠠ᠃ ᠣᠶᠢᠷ᠎ᠠ ᠶᠢᠨ ᠵᠢᠯ ᠳᠤ᠂ ᠤᠷᠢᠳ ᠬᠤᠵᠢᠳ ︽ᠪᠥᠬᠦ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠠᠮᠲᠤ︾᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠡᠷᠢᠭᠦᠨ ᠤ ᠬᠠᠮᠲᠤ︾᠂ ︽ᠪᠥᠬᠦ ᠤᠯᠤᠰ ᠤᠨ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭ ᠡᠪᠯᠡᠯ ᠤᠨ ᠬᠤᠷᠢᠶ᠎ᠠ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃       ᠣᠷᠣᠨ ᠪᠠᠶᠢᠷᠢᠰᠢᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠃ ᠬᠤᠨᠢᠴᠢᠨᠭᠤᠤᠯ ᠪᠠᠯᠭᠠᠰᠤ ᠶᠢᠨ ᠪᠠᠷᠠᠭᠤᠨ ᠬᠤᠶᠢᠲᠤ ᠲᠠᠯ᠎ᠠ ᠨᠢ ᠦᠦᠰᠢᠨ ᠬᠤᠰᠢᠭᠤ᠂ ᠬᠠᠩᠭᠢᠨ ᠬᠤᠰᠢᠭᠤ ᠲᠠᠢ ᠲᠤᠰ ᠲᠤᠰ ᠵᠠᠬ᠎ᠠ ᠨᠡᠶᠢᠯᠡᠵᠦ᠂ ᠵᠡᠭᠦᠨ ᠡᠮᠦᠨ᠎ᠡ ᠲᠠᠯ᠎ᠠ ᠨᠢ ᠰᠤᠪᠤᠷᠭ᠎ᠠ ᠪᠠᠯᠭᠠᠰᠤ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠲᠠᠢ ᠬᠥᠷᠰᠢᠯᠡᠵᠦ ᠪᠤᠢ᠃ ᠳ᠋ᠦᠩ ᠡᠤ ᠲᠡᠮᠦᠷ ᠵᠠᠮ ᠵᠡᠭᠦᠨ ᠠᠴᠠ ᠪᠠᠷᠠᠭᠤᠨᠰᠢ ᠦᠩᠬᠡᠷᠡᠵᠦ᠂ ᠦᠬᠠᠢ ᠠᠴᠠ ᠠᠯᠳᠠᠨᠰᠢᠷᠡᠭᠡ ᠬᠦᠷᠬᠦ ᠱᠤᠭᠤᠮ᠂ ᠠᠯᠳᠠᠨᠰᠢᠷᠡᠭᠡ ᠎ ᠠᠴᠠ ᠲᠦᠴᠢᠨ ᠭᠠᠵᠠᠷ ᠤᠨ ᠰᠢᠯᠢ ᠬᠦᠷᠬᠦ ᠱᠤᠭᠤᠮ᠂ ᠠᠨᠨᠠ ᠱᠤᠭᠤᠮ ᠬᠢᠯᠢ ᠪᠠᠷ ᠥᠩᠭᠡᠷᠡᠵᠦ᠂ ᠵᠠᠰᠠᠮᠠᠯ ᠵᠠᠮ ᠤᠨ ᠪᠦᠬᠦ ᠤᠷᠳᠤ ᠨᠢ 584 ᠺᠢᠯᠣᠮᠧᠲᠷ ᠲᠤ ᠬᠦᠷᠴᠦ᠂ ᠣᠷᠳᠣᠰ ᠤᠨ ᠳᠤᠮᠳᠠ ᠪᠠᠷᠠᠭᠤᠨ ᠬᠡᠰᠡᠭ ᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠣᠨ᠎ᠠ᠃       ᠥᠨᠢ ᠤᠳᠠᠭᠠᠨ ᠲᠡᠦᠬᠡ ᠲᠠᠢ᠂ ᠭᠡᠷᠡᠯ ᠰᠠᠴᠤᠷᠠᠩᠭᠤᠢ ᠰᠣᠶᠣᠯ ᠲᠠᠢ᠃ ᠴᠢᠨ ᠤ ᠵᠠᠮ ᠬᠢᠯᠢ ᠶᠢ ᠨᠡᠪᠲᠡᠯᠦᠨ ᠥᠩᠭᠡᠷᠡᠵᠦ᠂ ᠬᠤᠨᠢᠴᠢᠨᠭᠤᠤᠯ ᠭᠤᠣᠯ ᠤᠨ ᠡᠷᠲᠡᠨ ᠤ ᠬᠤᠲᠠ ᠮᠢᠩᠭᠠᠨ ᠵᠢᠯ ᠰᠡᠬᠦᠶᠢᠨ ᠰᠦᠨᠳᠡᠷᠯᠡᠵᠡᠢ᠃ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ᠂ ᠤᠯᠠᠭᠠᠨᠬᠦᠦ ᠵᠡᠷᠭᠡ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠠᠳᠡ ᠶᠠᠫᠤᠨ ᠢ ᠡᠰᠡᠷᠭᠦᠴᠡᠨ ᠳᠠᠶᠢᠰᠤᠨ ᠢ ᠤᠰᠠᠳᠬᠠᠵᠤ᠂ ᠤᠯᠤᠰ ᠭᠡᠷ ᠢᠶᠠᠨ ᠬᠠᠮᠠᠭᠠᠯᠠᠵᠤ᠂ ᠴᠢᠰᠤ ᠤᠷᠤᠰᠬᠠᠨ ᠪᠠᠶᠢᠯᠳᠤᠪᠠ᠃ ᠬᠢᠯᠢ ᠶᠢᠨ ᠳᠣᠲᠣᠷ᠎ᠠ ᠵᠠᠯᠠᠭᠤᠴᠤᠳ ᠪᠠᠭᠠᠴᠤᠳ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠰᠤᠳᠤᠯᠭᠠᠨ ᠪᠠ ᠤᠷᠠᠨ ᠪᠢᠴᠢᠯᠭᠡ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠢ ᠨᠢᠭᠡ ᠴᠣᠭᠴᠠᠵᠢᠭᠤᠯᠤᠭᠰᠠᠨ ᠬᠤᠨᠢᠴᠢᠨᠭᠤᠤᠯ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠣᠷᠳᠣᠨ ᠪᠠᠶᠢᠵᠤ᠂ ᠡᠳᠦᠭᠡ ᠪᠣᠯᠲᠠᠯ᠎ᠠ ᠬᠤᠶᠢᠰᠢᠳᠠ ᠶᠢᠨ ᠬᠥᠮᠥᠰ ᠲᠤ ᠬᠤᠪᠢᠰᠬᠠᠯ ᠤᠨ ᠦᠯᠢᠭᠡᠷ ᠢ ᠲᠠᠰᠤᠷᠠᠯᠲᠠ ᠦᠭᠡᠢ ᠶᠠᠷᠢᠭᠰᠠᠭᠠᠷ ᠪᠠᠶᠢᠨ᠎ᠠ᠃       ᠲᠠᠷᠢᠶᠠᠯᠠᠩ ᠬᠥᠭᠵᠢᠵᠦ᠂ ᠡᠳ᠋ ᠭᠠᠷᠤᠯᠲᠠ ᠡᠯᠪᠡᠭ ᠳᠡᠯᠪᠡᠭ᠃ ᠬᠤᠨᠢᠴᠢᠨᠭᠤᠤᠯ ᠪᠠᠯᠭᠠᠰᠤ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ ᠬᠦᠴᠦᠯᠡᠵᠦ᠂ ᠮᠢᠬᠠᠨ ᠤ ᠬᠤᠯᠪᠣᠭ᠎ᠠ ᠶᠢ ᠨᠢᠭᠡ ᠴᠣᠭᠴᠠᠵᠢᠭᠤᠯᠤᠭᠰᠠᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠭᠠᠵᠠᠷ ᠰᠢᠷᠣᠢ ᠶᠢᠨ ᠬᠥᠷᠥᠩᠭᠡ ᠶᠢᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠵᠡᠷᠭᠡ ᠨᠢᠭᠡ ᠪᠦᠯᠦᠭ ᠥᠷᠢᠰᠦᠯᠳᠦᠬᠦ ᠬᠦᠴᠦᠨ ᠲᠠᠢ᠂ ᠨᠥᠯᠥᠭᠡᠯᠡᠬᠦ ᠬᠦᠴᠦᠨ ᠲᠠᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ᠂ ᠲᠠᠷᠢᠬᠤ᠂ ᠲᠡᠵᠢᠭᠡᠬᠦ᠂ ᠪᠤᠯᠪᠠᠰᠤᠷᠠᠭᠤᠯᠬᠤ᠂ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠬᠠᠩᠭᠠᠯᠭ᠎ᠠ ᠶᠢᠨ ᠰᠢᠰᠲ᠋ᠧᠮ ᠢ ᠪᠦᠷᠢᠯᠳᠦᠭᠦᠯᠵᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 10.2 ᠲᠦᠮᠡᠨ ᠮᠦ ᠪᠠᠶᠢᠭᠤᠯᠵᠤ᠂ ᠰᠢᠷ᠎ᠠ ᠪᠤᠷᠴᠠᠭ ᠤᠨ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ 1800 ᠮᠦ᠂ ᠰᠢᠰᠢ 2500 ᠮᠦ᠂ ᠡᠯᠳᠡᠪ ᠠᠮᠤ 2000 ᠮᠦ᠂ ᠵᠢᠮᠢᠰ ᠨᠣᠭᠤᠭ᠎ᠠ 6000 ᠮᠦ ᠳᠠᠷᠢᠨ᠎ᠠ᠃ ᠠᠯᠠᠰᠢᠨ ᠬᠤᠨᠢᠨ ᠤ ᠲᠤᠭ᠎ᠠ 19.5 ᠲᠦᠮᠡ ᠳᠤ ᠬᠦᠷᠴᠦ᠂ ᠭᠡᠷ ᠤᠨ ᠵᠢᠭᠦᠷᠲᠡᠨ 10 ᠲᠦᠮᠡ᠂ ᠭᠠᠭ᠋ᠠᠢ 4 ᠲᠦᠮᠡ᠂ ᠠᠯᠠᠰᠢᠨ ᠦᠬᠡᠷ 1.2 ᠲᠦᠮᠡ ᠳᠤ ᠬᠦᠷᠴᠡᠢ᠃ ᠬᠡᠪᠴᠢᠶᠡᠵᠢᠯ ᠠᠴᠠ ᠳᠡᠭᠡᠭᠰᠢᠬᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ 280᠂ ᠵᠢᠱᠢᠶ᠎ᠡ ᠦᠵᠡᠭᠦᠯᠬᠦ ᠴᠢᠨᠠᠷᠲᠠᠢ ᠲᠤᠰᠬᠠᠢ ᠬᠤᠷᠰᠢᠶ᠎ᠠ ᠶᠢ 30᠂ ᠲᠤᠯᠤᠭᠠᠶᠢᠯᠠᠭᠴᠢ ᠠᠵᠤ ᠠᠬᠤᠶᠢᠯᠠᠯ ᠢ 8᠂ ᠵᠢᠵᠢᠭ ᠪᠢᠴᠢᠯ ᠠᠵᠤ ᠠᠬᠤᠶᠢᠯᠠᠯ ᠢ 25 ᠪᠣᠶᠢᠵᠢᠭᠤᠯᠪᠠ᠃       ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠃ ᠬᠢᠯᠢ ᠶᠢᠨ ᠳᠣᠲᠣᠷ᠎ᠠ ᠤᠯᠠᠭᠠᠨᠨᠠᠭᠤᠷ᠂ ᠬᠠᠳᠠᠲᠤ ᠨᠠᠭᠤᠷ᠂ ᠴᠡᠬᠡᠨ ᠨᠠᠭᠤᠷ ᠵᠡᠷᠭᠡ 4 ᠨᠠᠭᠤᠷ᠂ ᠬᠤᠨᠢᠴᠢᠨᠭᠤᠤᠯ᠂ ᠲᠤᠩᠭᠠᠯᠠᠭ ᠭᠤᠣᠯ᠂ ᠠᠯᠤᠲᠤ ᠭᠤᠣᠯ ᠵᠡᠷᠭᠡ 9 ᠭᠤᠣᠯ ᠮᠥᠷᠡᠨ ᠲᠠᠢ᠂ ᠤᠰᠤᠨ ᠤ ᠡᠬᠢ ᠪᠠᠶᠠᠯᠢᠭ ᠡᠯᠪᠡᠭ ᠪᠠᠶᠠᠯᠢᠭ᠃ ᠪᠥᠬᠦ ᠪᠠᠯᠭᠠᠰᠤᠨ ᠤ ᠣᠶᠢᠲᠤ ᠭᠠᠵᠠᠷ ᠤᠨ ᠲᠠᠯᠠᠪᠠᠶ ᠨᠢ 29 ᠲᠦᠮᠡᠨ ᠮᠦ᠂ ᠡᠪᠡᠰᠦᠲᠦ ᠭᠠᠵᠠᠷ ᠨᠢ 55 ᠲᠦᠮᠡᠨ ᠮᠦ ᠪᠠᠶᠢᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠨᠢ 45%᠎ ᠳᠤ ᠬᠥᠷᠪᠡ᠃ ᠴᠡᠬᠡᠨ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠤ ᠤᠰᠤ ᠪᠡᠯᠴᠢᠭᠡᠷ ᠲᠠᠩᠰᠤᠭ ᠰᠠᠶᠢᠬᠠᠨ᠂ ᠥᠩᠭᠡ ᠦᠵᠡᠮᠵᠢ ᠲᠠᠭᠠᠯᠠᠮᠵᠢᠲᠠᠢ᠂ ᠬᠤᠨᠢᠴᠢᠨᠭᠤᠤᠯ ᠪᠠᠯᠭᠠᠰᠤᠨ ᠤ ᠴᠢᠬᠤᠯᠠ ᠵᠤᠭᠠᠴᠠᠯ ᠤᠨ ᠲᠦᠷᠦᠯ ᠵᠦᠢᠯ ᠪᠣᠯᠣᠨ᠎ᠠ᠃       ᠣᠶᠢᠷ᠎ᠠ ᠶᠢᠨ ᠵᠢᠯ ᠤᠨ ᠲᠤᠷᠰᠢ᠂ ᠬᠤᠨᠢᠴᠢᠨᠭᠤᠤᠯ ᠪᠠᠯᠭᠠᠰᠤ ᠣᠷᠣᠨ ᠪᠠᠶᠢᠷᠢ᠂ ᠵᠠᠮ ᠬᠠᠷᠢᠯᠴᠠᠭ᠎ᠠ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ︽ᠪᠠᠷᠠᠭᠤᠨ ᠣᠷᠣᠨ ᠤ ᠰᠣᠳᠣᠨ ᠲᠠᠷᠢᠶᠠᠯᠠᠩ ᠮᠠᠯ ᠠᠵᠤ ᠠᠬᠤᠢ ᠲᠥᠪᠯᠡᠷᠡᠭᠰᠡᠨ ᠣᠷᠣᠨ︾᠎ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠲᠦᠷᠪᠡᠨ ᠲᠣᠭᠤᠷᠢᠭ ᠲᠠᠪᠤᠨ ᠬᠦᠷᠢᠶᠡᠯᠡᠩ ᠠᠷᠪᠠᠨ ᠰᠠᠭᠤᠷᠢᠨ︾᠎ ᠤ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠪᠠᠯᠭᠠᠰᠤ᠂ ᠬᠠᠮᠲᠤᠪᠠᠷ ᠪᠠᠶᠠᠵᠢᠨ ᠬᠥᠭᠵᠢᠬᠦ ᠶᠢᠨ ᠬᠤᠰᠢᠭᠤᠴᠢ ᠣᠷᠣᠨ ᠪᠣᠯᠭᠠᠬᠤ ᠪᠠᠷ ᠴᠢᠷᠮᠠᠶᠢᠪᠠ᠃       2022 ᠣᠨ ᠳᠤ ᠪᠥᠬᠦ ᠪᠠᠯᠭᠠᠰᠤ ᠪᠠᠷ ᠢᠶᠠᠨ 1975 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 4522 ᠲᠦᠮᠡᠨ ᠲᠥᠭᠦᠷᠢᠭ ᠪᠡᠶᠡᠯᠡᠭᠦᠯᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ