ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/7/18
      5 ᠳ᠋ᠤᠭᠠᠷ ᠰᠠᠷ᠎ᠠ ᠶᠢᠨ 24᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠠᠨ ᠵᠢᠶᠦ᠋ᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠹᠧᠨ ᠴᠢᠩ ᠨᠡᠷ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠰᠤᠷᠤᠯᠴᠠᠯᠭ᠎ᠠ ᠶᠢᠨ ᠬᠤᠷᠠᠯ ᠎ ᠳᠤ ᠲᠠᠶᠢᠶᠤᠸᠠᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠵᠧᠩ ᠫᠧᠶ ᠵᠢᠶᠦ᠋ᠨ ᠫᠷᠤᠹᠧᠰᠰᠤᠷ ᠢ ᠤᠷᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠲᠦᠷᠢᠮ︾᠎ ᠳᠤ ᠵᠠᠰᠠᠪᠤᠷᠢ ᠤᠷᠤᠭᠤᠯᠤᠭᠰᠠᠨ ᠵᠣᠷᠢᠯᠭ᠎ᠠ᠂ ᠣᠨᠴᠠᠯᠢᠭ ᠵᠢᠴᠢ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠡ᠃      ᠲᠠᠷᠠᠭ᠎ᠠ ᠨᠢ᠂ ᠬᠤᠷᠠᠯ ᠳᠤ ᠣᠷᠣᠯᠴᠠᠭᠰᠠᠳ ᠤᠷᠳᠤᠰ ᠬᠤᠳᠠ ᠶᠢᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ ᠬᠤᠲᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ᠂ ᠣᠯᠠᠨ ᠢᠶᠠᠷ ᠢᠶᠠᠨ ᠤᠷᠢᠳ ᠬᠤᠵᠢᠳ ᠠᠷᠢᠭᠤᠨ ᠴᠢᠬᠡᠴᠢ ᠶᠢ ᠡᠷᠬᠢᠮᠯᠡᠬᠦ ᠲᠢᠩᠬᠢᠮ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠢᠩᠬᠢᠮ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠢᠩᠬᠢᠮ ᠵᠡᠷᠭᠡ ᠭᠤᠤᠯ ᠰᠡᠳᠦᠪᠲᠦ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠬᠦᠦᠷᠨᠢᠯ᠂ ᠵᠢᠷᠤᠭ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠳᠡᠯᠭᠡᠨ ᠦᠵᠡᠭᠦᠯᠦᠭᠰᠡᠨ ᠪᠣᠳᠠᠲᠤ ᠪᠣᠳᠠᠰ ᠢᠶᠠᠷ ᠳᠠᠮᠵᠢᠭᠤᠯᠤᠨ᠂ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠵᠠᠭᠤᠨ ᠵᠢᠯ ᠤᠨ ᠲᠡᠦᠬᠡᠨ ᠶᠠᠪᠤᠴᠠ ᠶᠢ ᠳᠠᠬᠢᠨ ᠡᠷᠭᠢᠴᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠠᠬᠢᠭᠤᠯᠤᠭᠠᠳ ᠣᠯᠤᠭᠰᠠᠨ ᠲᠡᠦᠬᠡᠲᠦ ᠴᠢᠨᠠᠷᠲᠠᠶ᠂ ᠪᠦᠲᠦᠭᠡᠯᠴᠢ ᠴᠢᠨᠠᠷᠲᠠᠶ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠨᠠᠮ ᠤᠨ ᠲᠥᠪ ᠬᠤᠷᠢᠶᠠᠨ ᠤ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠷᠡᠰ ᠵᠣᠷᠢᠭ ᠪᠠ ᠢᠲᠡᠭᠡᠯ ᠵᠣᠷᠢᠭ ᠢ ᠣᠶᠢᠯᠠᠭᠠᠪᠠ᠃ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠪᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠰᠤᠷᠤᠯᠴᠠᠬᠤ ᠪᠠᠷ ᠳᠠᠮᠵᠢᠭᠤᠯᠤᠨ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠬᠠᠷᠢᠴᠠᠭᠤᠯᠤᠯ ᠲᠠᠢ ᠢᠯᠡ ᠲᠣᠳᠣ ᠪᠥᠭᠡᠳ ᠬᠤᠷᠴᠠ ᠰᠢᠷᠦᠭᠦᠨ ᠡᠰᠡᠷᠭᠦ  ᠵᠦᠷᠢᠶ᠎ᠡ ᠭᠠᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ︽ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ ᠪᠠᠶᠢᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃                
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ