ᠡᠵᠡᠨ ᠬᠤᠷᠤᠭ᠎ᠠ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ  ᠢᠯᠡᠷᠡᠬᠦᠯᠵᠦ ᠪᠤᠢ
ᠨᠡᠶᠢᠲᠡᠯᠡᠭᠰᠡᠨ ᠴᠠᠭ᠄
2024/7/18
      ᠣᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠲᠠᠷᠢᠶᠠᠯᠠᠩ᠂ ᠠᠮᠢ ᠠᠬᠤᠶ᠂ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠵᠤ ᠦᠢᠯᠡᠰ ᠢ ᠬᠦᠴᠦᠷᠬᠡᠭᠵᠢᠭᠦᠯᠦᠨ ᠳᠠᠭᠠᠭᠠᠴᠢᠯᠠᠵᠤ ᠬᠤᠯᠪᠣᠭᠠᠯᠠᠨ ᠲᠡᠳᠬᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠵᠤᠵᠠᠭᠠᠳᠬᠠᠵᠤ᠂ ᠮᠠᠯᠴᠢᠨ ᠲᠠᠷᠢᠶᠠᠴᠢᠨ ᠤ ︽ᠪᠠᠶᠠᠵᠢᠯ ᠤᠨ ᠵᠡᠭᠦᠳᠦ︾᠎ ᠶᠢ ᠲᠡᠷᠬᠡᠯᠰᠢᠬᠦᠯᠵᠤ ᠪᠤᠢ᠃       ᠬᠠᠪᠤᠷ ᠤᠨ ᠡᠬᠢ ᠪᠠᠷ᠂ ᠬᠤᠨᠢᠴᠢᠡᠭᠤᠤᠯ ᠪᠠᠯᠭᠠᠰᠤᠨ ᠤ ᠤᠯᠠᠭᠠᠨᠨᠠᠭᠤᠷ ᠲᠣᠰᠬᠤᠨ ᠳᠤ᠂ ᠣᠷᠴᠢᠨ ᠲᠣᠭᠤᠷᠢᠨ ᠭᠤᠶᠣ ᠰᠠᠶᠢᠬᠠᠨ᠂ ᠨᠤᠲᠤᠭ ᠤᠨ ᠰᠤᠷᠲᠠᠯ ᠭᠤᠶᠣ ᠰᠠᠶᠢᠬᠠᠨ᠂ ᠣᠯᠠᠨ ᠲᠦᠮᠡᠨ ᠤ ᠠᠮᠢᠳᠤᠷᠠᠯ ᠭᠤᠶᠣ ᠰᠠᠶᠢᠬᠠᠨ ᠰᠢᠨ᠎ᠡ ᠵᠢᠷᠤᠭ ᠤᠳ ᠬᠠᠷᠠᠭᠠᠨ ᠳᠤ ᠲᠣᠳᠣᠷᠠᠵᠤ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠦᠵᠡᠮᠵᠢ ᠬᠠᠷᠠᠭᠳᠠᠨ᠎ᠠ᠃ ᠤᠯᠠᠭᠠᠨᠨᠠᠭᠤᠷ ᠲᠣᠰᠬᠤᠨ ᠤ ᠮᠢᠬᠠᠨ ᠲᠠᠤᠯᠠᠢ ᠲᠡᠵᠢᠭᠡᠨ ᠦᠷᠡᠵᠢᠭᠦᠯᠬᠦ ᠰᠠᠭᠤᠷᠢᠨ ᠳᠤ  ᠬᠦᠷᠪᠡᠯ᠂ ᠮᠥᠷ ᠮᠥᠷ ᠲᠡᠷᠢ ᠲᠡᠭᠰᠢ ᠲᠠᠤᠯᠠᠢ ᠶᠢᠨ ᠬᠠᠰᠢᠶᠠᠨ ᠳᠣᠲᠣᠷ᠎ᠠ᠂ ᠲᠠᠷᠭᠤᠨ ᠲᠠᠤᠯᠠᠢ ᠦᠰᠦᠷᠴᠦ ᠬᠠᠷᠠᠶᠢᠨ᠂ ᠬᠥᠮᠦᠨ ᠤ ᠪᠠᠭ᠋ᠠᠷᠬᠠᠯ ᠢ ᠲᠠᠲᠠᠨ᠎ᠠ᠃      ᠬᠤᠨᠢᠴᠢᠡᠭᠤᠤᠯ ᠪᠠᠯᠭᠠᠰᠤᠨ ᠤ ᠤᠯᠠᠭᠠᠨᠨᠠᠭᠤᠷ ᠲᠣᠰᠬᠤᠨ ᠤ ᠨᠠᠮ ᠤᠨ ᠡᠭᠦᠷ ᠤᠨ ᠱᠦᠵᠢ ᠲᠣᠰᠬᠤᠨ ᠤ ᠵᠥᠪᠯᠡᠯ ᠤᠨ ᠡᠷᠬᠢᠯᠡᠭᠴᠢ ᠰᠦᠨ ᠰᠢᠤᠸᠠᠢ ᠬᠤᠸᠠ ᠰᠤᠷᠪᠤᠯᠵᠢᠯᠠᠭᠴᠢ ᠳᠤ᠄ ︽ᠳᠠᠭᠠᠭᠠᠴᠢᠯᠠᠨ ᠬᠠᠷᠢᠯᠴᠠᠬᠤ  ᠨᠢᠬᠡᠴᠢ ᠪᠠ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠯᠭ᠎ᠠ᠂ ᠪᠠᠯᠭᠠᠰᠤᠨ ᠤ ᠨᠠᠮ ᠤᠨ ᠬᠤᠷᠢᠶ᠎ᠠ ᠪᠠ  ᠲᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠶᠢᠨ ᠬᠦᠴᠦᠲᠡᠶ ᠳᠡᠮᠵᠢᠯᠭᠡ ᠳᠤᠤᠷ᠎ᠠ᠂ 2023 ᠣᠨ ᠳᠤ᠂ ᠮᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠡᠪᠡᠷ ᠣᠷᠣᠯᠭ᠎ᠠ 50 ᠲᠦᠮᠡᠨ ᠲᠥᠭᠦᠷᠢᠭ ᠲᠤ ᠬᠦᠷᠴᠡᠢ᠂ 2024 ᠣᠨ ᠳᠤ᠂ ᠵᠢᠱᠢᠯᠲᠡ ᠪᠠᠷ 78 . 9 ᠲᠦᠮᠡᠨ ᠲᠥᠭᠦᠷᠢᠭ ᠤᠨ ᠴᠡᠪᠡᠷ ᠣᠷᠣᠯᠭ᠎ᠠ ᠣᠯᠵᠤ᠂ ᠠᠮᠢᠳᠤᠷᠠᠯ ᠡᠳᠦᠷ ᠠᠴᠠ ᠡᠳᠦᠷ ᠰᠠᠶᠢᠵᠢᠷᠠᠬᠤ ᠪᠤᠯᠤᠨ᠎ᠠ︾  ᠭᠡᠮᠡᠨ ᠶᠠᠷᠢᠵᠤ ᠪᠠᠶᠢᠯ᠎ᠠ᠃       ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠳᠠᠭᠠᠭᠠᠴᠢᠯᠠᠨ ᠬᠠᠷᠢᠯᠴᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠠᠪᠰᠤᠷᠤᠨ ᠲᠡᠳᠬᠦᠬᠦ ᠨᠢᠬᠡᠴᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠲᠣᠰᠬᠤᠨ ᠤ ᠠᠷᠠᠳ ᠤᠨ ᠵᠥᠪᠯᠡᠯ ᠤᠨ ᠪᠠᠭ ᠲᠤ ᠬᠦᠴᠦᠨ ᠨᠡᠮᠡᠷᠢᠯᠡᠵᠦ᠂ ᠪᠣᠳᠠᠲᠤ ᠪᠠᠶᠢᠳᠠᠯ ᠳᠤ ᠰᠠᠭᠤᠷᠢᠯᠠᠨ᠂  ᠮᠢᠬᠠᠨ ᠲᠠᠤᠯᠠᠢ ᠲᠡᠵᠢᠭᠡᠨ ᠦᠷᠡᠵᠢᠭᠦᠯᠬᠦ ᠠᠵᠤ ᠦᠢᠡᠯᠰ ᠢ ᠶᠡᠭᠡ ᠪᠠᠷ ᠬᠥᠭᠵᠢᠭᠦᠯᠵᠦ᠂ ᠣᠯᠠᠨ ᠲᠠᠯ᠎ᠠ ᠎ ᠪᠠᠷ 150 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠶᠢ ᠵᠣᠬᠢᠴᠠᠭᠤᠯᠵᠤ᠂ ︽ᠠᠵᠤ ᠠᠬᠤᠶᠢᠯᠠᠯ + ᠨᠠᠮ ᠤᠨ ᠡᠭᠦᠷ + ᠲᠣᠰᠬᠤᠨ ᠤ ᠬᠠᠮᠲᠤ ᠎ ᠶᠢᠨ ᠠᠵᠤ ᠠᠬᠤᠢ + ᠶᠠᠳᠠᠭᠤ ᠠᠴᠠ ᠠᠩᠭᠢᠵᠢᠷᠠᠭᠰᠠᠨ ᠡᠷᠦᠬᠡ + ᠲᠠᠷᠢᠶᠠᠴᠢᠨ ᠡᠷᠦᠬᠡ︾᠎ ᠶᠢᠨ ᠵᠠᠭᠪᠤᠷ ᠢ ᠠᠪᠴᠤ᠂ ᠲᠣᠰᠬᠤᠨ ᠤ ᠠᠷᠠᠳ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠵᠠᠮ ᠢᠶᠠᠷ ᠵᠠᠮᠨᠠᠪᠠ᠃      ᠡᠵᠡᠨ ᠬᠤᠷᠤᠭ᠎ᠠ ᠬᠤᠰᠢᠭᠤ ᠢᠮᠠᠭᠲᠠ ᠠᠵᠤ ᠠᠬᠤᠶ ᠶᠢᠨ ᠬᠥᠭᠵᠢᠯᠲᠡ ᠶᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠪᠣᠯᠭᠠᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠯᠲᠡ ᠶᠢᠨ ᠲᠥᠯᠥᠪᠯᠡᠭᠡ ᠲᠣᠭᠲᠠᠭᠠᠵᠤ᠂ ᠡᠬᠢ ᠪᠠᠶᠠᠯᠢᠭ ᠤᠨ ᠳᠠᠪᠠᠭᠤᠯᠢᠭ  ᠪᠣᠯᠤᠨ ᠬᠦᠴᠦᠨ ᠴᠢᠳᠠᠯ ᠢᠶᠠᠨ ᠲᠥᠪᠯᠡᠷᠡᠭᠦᠯᠦᠨ᠂ ︽ᠬᠦᠴᠦᠷᠬᠡᠭ ᠲᠣᠰᠬᠤᠨ ᠨᠢ ᠪᠠᠭᠤᠷᠠᠶ ᠲᠣᠰᠬᠤᠨ ᠢ ᠳᠠᠶᠢᠴᠢᠯᠠᠬᠤ︾ ᠭᠠᠴᠠᠭ᠎ᠠ ᠲᠣᠰᠬᠤᠨ ᠤ ᠬᠠᠪᠰᠤᠷᠤᠨ ᠳᠠᠭᠠᠭᠤᠯᠵᠤ ᠬᠠᠷᠢᠯᠴᠠᠨ ᠬᠠᠪᠰᠤᠷᠤᠯᠴᠠᠨ ᠡᠵᠡᠩᠨᠡᠬᠦ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠣᠳᠣᠬᠢᠴᠢᠯᠠᠭᠰᠠᠨ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠂ ᠭᠠᠭ᠋ᠠᠶ᠂ ᠮᠢᠬᠠᠨ  ᠲᠠᠤᠯᠠᠢ᠂ ᠮᠢᠬᠠᠨ ᠦᠬᠡᠷ᠂  ᠨᠤᠤᠯᠤᠭᠤᠷ ᠤᠨ ᠢᠮᠠᠭ᠎ᠠ ᠵᠡᠷᠭᠡ ᠨᠢᠭᠡ ᠪᠦᠯᠦᠭ ᠣᠨᠴᠠᠯᠢᠭᠲᠤ ᠠᠵᠤ  ᠦᠢᠯᠡᠰ ᠤᠨ ᠲᠥᠷᠥᠯ  ᠵᠤᠶᠢᠯ ᠢ ᠬᠥᠭᠵᠢᠭᠦᠯᠵᠦ᠂ ᠨᠢᠭᠡ ᠲᠣᠰᠬᠤᠨ ᠳᠤ ᠨᠢᠭᠡ ᠭᠤᠤᠯ ᠰᠡᠳᠦᠪ ᠲᠠᠢ᠂ ᠨᠢᠭᠡ ᠲᠣᠰᠬᠤᠨ ᠳᠤ ᠨᠢᠭᠡ ᠣᠨᠴᠠᠯᠢᠭ ᠲᠠᠢ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠪᠡ᠃      ᠵᠠᠰᠠᠭ ᠪᠠᠯᠭᠠᠰᠤ ᠶᠢᠨ ᠮᠦᠩᠭᠡᠴᠢ ᠭᠠᠴᠠᠭ᠎ᠠ ᠶᠢᠨ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ 760 ᠭᠠᠷᠤᠶ ᠮᠢᠬᠠᠨ ᠦᠬᠡᠷ ᠶᠠᠭ ᠪᠠᠷᠢᠮᠵᠢᠶᠠᠵᠢᠭᠤᠯᠤᠭᠰᠠᠨ ᠦᠬᠡᠷ ᠤᠨ ᠰᠠᠷᠠᠪᠴᠢᠨ ᠳᠤ  ᠲᠠᠭᠠᠲᠠᠢ ᠰᠠᠶᠢᠬᠠᠨ ᠡᠪᠡᠰᠦ ᠢᠳᠡᠵᠦ ᠪᠠᠶᠢᠪᠠ᠃      ᠮᠦᠩᠬᠡᠴᠢ ᠭᠠᠴᠠᠭᠠᠨ ᠤ ᠨᠠᠮ ᠤᠨ ᠡᠭᠦᠷ ᠤᠨ ᠱᠦᠵᠢ ᠯᠢ ᠰᠢᠤ ᠪᠦᠦ ᠠᠴᠠ᠂ ᠲᠣᠰᠬᠤᠨ ᠤ ᠬᠠᠮᠲᠤ ᠨᠡᠶᠢᠲᠡ ᠪᠠᠷ ᠤᠳᠤᠷᠢᠳᠤᠮᠵᠢ ᠪᠣᠯᠭᠠᠭᠰᠠᠨ ᠲᠣᠰᠬᠤᠨ ᠤ ᠠᠷᠠᠳ ᠤᠨ ᠬᠤᠪᠢ ᠣᠷᠣᠭᠤᠯᠬᠤ ᠵᠠᠭᠪᠤᠷ ᠢᠶᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠬᠢᠭᠡᠳ ᠮᠠᠯᠴᠢᠨ ᠲᠠᠷᠢᠶᠠᠴᠢᠨ ᠤ ᠨᠢᠭᠲᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠯᠳᠠ ᠬᠢᠭᠡᠳ ᠣᠷᠣᠯᠭ᠎ᠠ ᠶᠢᠨ ᠨᠡᠮᠡᠭᠳᠡᠯ ᠤᠨ ᠬᠤᠤᠰ ᠠᠰᠢᠭ ᠢ ᠪᠡᠶᠡᠯᠡᠭᠦᠯᠵᠦ᠂ ᠣᠳᠣᠬᠠᠨ ᠳᠤ᠂ ᠭᠠᠴᠠᠭᠠᠨ ᠤ ᠮᠠᠯᠴᠢᠨ ᠲᠠᠷᠢᠶᠠᠴᠢᠨ ᠤ ᠵᠢᠯ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢᠭᠡᠨᠲᠡ 4 . 05 ᠲᠦᠮᠡᠨ ᠲᠥᠭᠦᠷᠢᠭ ᠲᠤ ᠬᠦᠷᠴᠡᠶ ᠭᠡᠰᠡᠨ ᠪᠠᠶᠢᠨ᠎ᠠ᠃         ᠮᠦᠩᠭᠡᠴᠢ ᠭᠠᠴᠠᠭ᠎ᠠ 2200 ᠲᠦᠮᠡᠨ ᠲᠥᠭᠦᠷᠢᠭ ᠤᠨ ᠪᠡᠯᠡ ᠮᠥᠩᠭᠦ ᠶᠢ ᠨᠡᠶᠢᠳᠬᠡᠵᠦ᠂ ᠰᠤᠨᠳᠤᠤ ᠶᠢᠨ ᠭᠤᠤᠯ ᠲᠣᠰᠬᠤᠨ᠂ ᠮᠤᠭᠠᠢᠢᠳᠤ ᠲᠣᠰᠬᠤᠨ᠂ ᠬᠤᠸᠠ ᠲᠣᠯᠣᠭᠠᠢ ᠲᠣᠰᠬᠤᠨ ᠪᠣᠯᠤᠨ ᠱᠤ᠋ ᠬᠤᠤ ᠲᠣᠰᠬᠤᠨ ᠢ ᠳᠠᠶᠢᠴᠢᠯᠠᠨ ᠣᠳᠣᠬᠢᠴᠢᠯᠠᠭᠰᠠᠨ ᠮᠢᠬᠠᠨ ᠦᠬᠡᠷ ᠲᠡᠵᠢᠭᠡᠨ ᠦᠷᠡᠵᠢᠭᠦᠯᠬᠦ ᠦᠢᠯᠡᠰ ᠢ  ᠬᠦᠭᠵᠢᠬᠦᠯᠵᠦ ᠂ ᠰᠢᠨ᠎ᠡ ᠴᠠᠭ ᠦᠶ᠎ᠡ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ  ᠬᠤᠯᠪᠣᠭᠠᠯᠠᠨ ᠬᠥᠭᠵᠢᠭᠰᠡᠨ ᠨᠡᠶᠢᠲᠡᠯᠢᠭ ᠵᠢᠱᠢᠶ᠎ᠡ  ᠪᠤᠯᠵᠠᠢ᠃       ᠲᠣᠰᠬᠤᠨ ᠤ ᠬᠠᠮᠲᠤ ᠶᠢᠨ ᠠᠵᠤ ᠠᠬᠤᠶ ᠶᠢᠨ ᠪᠦᠲᠦᠴᠡ ᠲᠠᠩ ᠴᠤᠯᠭᠤᠶ᠂ ᠣᠯᠠᠨ ᠲᠦᠮᠡᠨ ᠤ ᠦᠵᠡᠯ ᠰᠠᠨᠠᠭ᠎ᠠ ᠬᠡᠪᠰᠢᠮᠡᠯ᠂ ᠬᠥᠭᠵᠢᠯᠲᠡ ᠶᠢᠨ ᠰᠡᠳᠬᠢᠴᠡ ᠲᠣᠳᠣᠷᠬᠠᠶ ᠥᠬᠡᠶ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠥᠬᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠬᠦ ᠶᠢᠨ ᠲᠥᠯᠥᠭᠡ᠂ 2023 ᠣᠨ ᠠᠴᠠ ᠨᠠᠰᠢ᠂ ᠡᠵᠡᠨ ᠬᠤᠷᠤᠭ᠎ᠠ ᠬᠤᠰᠢᠭᠤ ᠪᠥᠬᠦ ᠬᠤᠰᠢᠭᠤᠨ ᠤ 138 ᠭᠠᠴᠠᠭ᠎ᠠ ᠲᠣᠰᠬᠤᠨ ᠳᠤ 175 ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠲᠣᠰᠬᠤᠨ ᠳᠤ ᠰᠠᠭᠤᠬᠤ ᠠᠵᠢᠯ ᠢ ᠥᠷᠨᠢᠭᠦᠯᠵᠦ᠂ ︽ᠨᠢᠭᠡ ᠲᠣᠰᠬᠤᠨ ᠳᠤ ᠨᠢᠭᠡ ᠠᠩᠭᠢ︾ ᠪᠠᠶᠢᠬᠤ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃        ᠤᠷᠳᠤᠰ ᠬᠤᠳᠠ ᠶᠢᠨ ᠯᠢ ᠢᠦᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠨᠠᠷᠢᠨᠳᠤᠬᠤᠢ ᠪᠠᠯᠭᠠᠰᠤᠨ ᠤ  ᠰᠠᠰᠠ ᠶᠢᠨ ᠠᠷᠤ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠪᠠᠢ ᠬᠤᠤ ᠲᠢᠶᠠᠨ ᠰᠤᠷᠪᠤᠯᠵᠢᠯᠠᠭᠴᠢ ᠳᠤ᠄ ︽ᠰᠠᠰᠠ ᠶᠢᠨ ᠠᠷᠤ ᠲᠣᠰᠬᠤᠨ ᠤ ᠬᠢᠨ ᠲᠤᠰ ᠭᠠᠵᠠᠷ ᠤᠨ ᠨᠡᠭᠦᠷᠡᠰᠦᠨ ᠠᠭᠤᠷᠬᠠᠢ ᠶᠢᠨ ᠡᠨᠧᠷᠭᠢ ᠶᠢᠨ ᠳᠠᠪᠠᠭᠤᠯᠢᠭ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠳᠦᠰᠦᠯᠡᠵᠦ᠂ ᠨᠡᠭᠦᠷᠡᠰᠦᠨ ᠴᠢᠯᠠᠭᠤ ᠶᠢᠨ ᠲᠡᠭᠡᠭᠡᠪᠦᠷᠢ ᠵᠢᠴᠢ  ᠰᠢᠷᠣᠢ ᠶᠢᠨ ᠪᠦᠳᠦᠭᠡᠨ ᠪᠠᠶᠢᠭᠤᠯᠤᠯᠲᠠ ᠶᠢᠨ ᠨᠣᠭᠤᠭᠠᠷᠠᠭᠤᠯᠤᠯᠲᠠ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠢ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠲᠤᠰ ᠭᠠᠵᠠᠷ ᠤᠨ ᠲᠣᠰᠬᠤᠨ ᠤ ᠠᠷᠠᠳ ᠢ ᠭᠡᠷ ᠤᠨ ᠢᠶᠠᠨ ᠡᠭᠦᠳᠡᠨ ᠳᠤ ᠠᠵᠢᠯᠯᠠᠬᠤ ᠠᠵᠢᠯ ᠲᠠᠢ  ᠪᠤᠯᠭᠠᠭᠰᠠᠨ ᠠᠴᠠ ᠠᠮᠢᠳᠤᠷᠠᠯ ᠎ ᠨᠢ ᠰᠠᠶᠢᠵᠢᠷᠠᠵᠤ᠂ ᠵᠤᠭᠤᠰᠤᠨ ᠪᠤᠭᠴᠤ ᠨᠢ ᠲᠦᠬᠦᠷᠡᠭᠰᠡᠨ ᠪᠠᠶᠢᠨ᠎ᠠ ᠃ 2023 ᠣᠨ ᠳᠤ᠂ ᠲᠣᠰᠬᠤᠨ ᠤ ᠬᠠᠮᠲᠤ ᠶᠢᠨ ᠠᠰᠢᠭ ᠣᠷᠣᠯᠭ᠎ᠠ 165  ᠲᠦᠮᠡᠨ ᠲᠦᠬᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠠᠰᠢᠭ ᠣᠷᠣᠯᠭ᠎ᠠ 1000 ᠲᠥᠭᠦᠷᠢᠭ ᠲᠤ ᠬᠦᠷᠴᠡᠢ︾  ᠭᠡᠰᠡᠨ ᠪᠠᠶᠢᠨ᠎ᠠ᠃         ᠳᠠᠭᠠᠭᠠᠴᠢᠯᠠᠨ ᠬᠠᠷᠢᠯᠴᠠᠵᠤ ᠲᠣᠰᠬᠤᠨ ᠳᠤ ᠰᠠᠭᠤᠭᠰᠠᠨ ᠠᠴᠠ ᠨᠠᠰᠢ᠂ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠬᠢ ᠶᠢᠨ ᠬᠢᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠶᠢ ᠠᠬᠢᠭᠤᠯᠵᠤ᠂ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ 2023 ᠣᠨ ᠳᠤ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠶᠡᠷᠦᠩᠬᠡᠶ ᠣᠷᠣᠯᠭ᠎ᠠ ᠶᠢ 4 . 07 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠣᠰᠬᠤᠨ ᠤ ᠬᠠᠮᠲᠤ ᠶᠢᠨ ᠠᠵᠤ ᠠᠬᠤᠶ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠨ ᠤ ᠨᠣᠷᠮ᠎ᠠ ᠶᠢ 80 %᠎ ᠠᠴᠠ ᠳᠡᠭᠡᠭᠰᠢ ᠳᠤ ᠬᠦᠷᠭᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 20 %᠎ ᠠᠴᠠ ᠳᠡᠭᠡᠭᠰᠢ ᠳᠤ ᠬᠦᠷᠭᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ  ᠪᠠᠶᠢᠭᠤᠯᠤᠨ ᠬᠦᠴᠦᠷᠬᠡᠭᠵᠢᠭᠦᠯᠬᠦ ᠪᠣᠯᠭᠠᠨ ᠬᠤᠪᠢᠷᠠᠭᠤᠯᠪᠠ᠃         ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠶᠧ ᠲᠢᠩ ᠰᠤᠷᠪᠤᠯᠵᠢᠯᠠᠭᠴᠢ ᠳᠤ᠄ ︽ᠲᠠᠷᠠᠭᠠᠴᠢ ᠶᠢᠨ ᠠᠯᠬᠤᠮ ᠳᠤ᠂ ᠪᠢᠳᠡ ᠵᠧᠵᠢᠶᠠᠩ ᠤᠨ ︿ᠮᠢᠩᠭ᠎ᠠ ᠲᠦᠮᠡ ᠶᠢᠨ ᠢᠨᠵᠧᠨᠧᠷᠢᠩ﹀᠎ ᠤᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ︿ᠰᠡᠳᠬᠢᠴᠡ ᠪᠠᠨ ᠲᠥᠯᠥᠪᠵᠢᠭᠦᠯᠬᠦ᠂ ᠲᠥᠯᠥᠪᠵᠢᠭᠦᠯᠭᠡ ᠪᠠᠨ ᠲᠥᠷᠥᠯ ᠵᠤᠶᠢᠯ ᠪᠣᠯᠭᠠᠬᠤ᠂ ᠲᠥᠷᠥᠯ ᠵᠤᠶᠢᠯ ᠢ ᠪᠠᠯᠠ ᠮᠥᠩᠭᠦ ᠪᠣᠯᠭᠠᠬᠤ﹀ ᠵᠠᠷᠴᠢᠮ ᠶᠣᠰᠣᠭᠠᠷ᠂ ᠪᠥᠬᠦ ᠬᠤᠰᠢᠭᠤᠨ ᠤ ᠡᠯ᠎ᠡ ᠪᠠᠯᠭᠠᠰᠤᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠤᠨᠴᠠᠯᠢᠭᠳᠤ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠠᠵᠤ ᠦᠢᠯᠡᠳᠪᠤᠷᠢᠵᠢᠯᠳᠡ ᠪᠠᠷ ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ᠂ ᠬᠤᠲᠠ ᠪᠠᠯᠭᠠᠰᠤᠵᠢᠯᠲᠠ ᠪᠠᠷ ᠮᠠᠯᠵᠢᠬᠤ ᠲᠠᠷᠢᠶᠠᠯᠠᠬᠤ ᠣᠷᠣᠨ ᠢ ᠳᠠᠶᠢᠴᠢᠯᠠᠬᠤ᠂ ᠠᠵᠤ ᠦᠶᠢᠯᠡᠰᠵᠢᠯᠲᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ︾ ᠭᠡᠮᠡᠨ ᠶᠠᠷᠢᠵᠤ ᠪᠠᠶᠢᠯ᠎ᠠ᠃                                 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ