7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽7·9︾ | ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ᠃ | ᠬᠤᠷᠠᠯ ᠳᠡᠭᠡᠷ᠎ᠡ 5 ᠵᠢᠯ ᠤᠨ ᠲᠤᠷᠰᠢᠬᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠶᠡᠷᠦᠩᠬᠡᠢ ᠱᠦᠵᠢ ᠰᠢ ᠶᠢᠨ ᠫᠢᠩ ᠤᠨ ︽7·9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠷᠭ᠎ᠠ ᠬᠢᠳᠡᠯ ᠦᠷ᠎ᠡ | ᠪᠦᠲᠦᠮᠵᠢ ᠶᠢ ᠳ᠋ᠦᠩᠨᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽7·9︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠳᠠᠬᠢᠨ ᠰᠤᠷᠤᠯᠴᠠᠬᠤ᠂ ᠳᠠᠬᠢᠨ ᠪᠠᠷᠢᠮᠵᠢᠶᠠᠯᠠᠨ ᠬᠠᠷᠭᠤᠭᠤᠯᠬᠤ᠂ ᠳᠠᠬᠢᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢ ᠡᠷᠬᠢᠮᠯᠡᠬᠦ ᠶᠢ ᠨᠢᠭᠡᠳᠦᠭᠡᠷ | ᠱᠠᠭᠠᠷᠳᠠᠯᠭ᠎ᠠ ᠪᠣᠯᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ︔ ᠨᠠᠮ ᠤᠨ ᠰᠢᠨ᠎ᠡ ᠶᠢ ᠡᠭᠦᠳᠬᠦ | ᠣᠨᠣᠯ ᠢᠶᠠᠷ ᠵᠡᠪᠰᠡᠭᠯᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠪᠦᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯ ᠢ ᠰᠠᠶᠢᠲᠤᠷ ᠬᠢᠵᠦ᠂ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ | ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠦᠨ ᠢ ᠨᠡᠩ ᠣᠯᠠᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | |