ᠲᠠᠷᠠᠬᠠᠶ ᠴᠢᠨᠠᠷᠲᠠᠶ ᠪᠠᠭ᠎ᠠ ᠪᠣᠷᠣᠭᠠᠨ᠂ ᠣᠬᠤᠷ ᠬᠤᠭᠤᠴᠠᠭᠠᠨ ᠤ ᠶᠡᠭᠡ ᠰᠠᠯᠬᠢ ᠵᠡᠷᠭᠡ ᠰᠣᠯᠢᠭ ᠤᠷᠤᠰᠬᠠᠯ ᠤᠨ  ᠴᠠᠭ ᠠᠭᠤᠷ ᠢᠯᠡᠷᠡᠬᠦ ᠪᠤᠯᠤᠨ᠎ᠠ
ᠨᠡᠶᠢᠲᠡᠯᠡᠭᠰᠡᠨ ᠴᠠᠭ᠄
2024/7/18
      ᠡᠵᠡᠨ ᠬᠤᠷᠤᠭ᠎ᠠ ᠬᠤᠰᠢᠭᠤᠨ ᠤ ᠴᠠᠭ ᠠᠭᠤᠷ ᠤᠨ ᠦᠷᠳᠡᠭᠡ 2024 ᠣᠨ ᠤ 4 ᠳ᠋ᠤᠭᠡᠷ ᠰᠠᠷ᠎ᠠ ᠶᠢᠨ 7᠎ ᠤ ᠡᠳᠦᠷ ᠤᠨ 17 ᠴᠠᠭ ᠲᠤ ᠢᠷᠡᠭᠡᠳᠦᠶ ᠶᠢᠨ ᠨᠢᠭᠡ ᠭᠠᠷᠠᠭ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠡᠶᠢᠲᠡᠯᠡᠪᠡ᠄       ᠭᠠᠷᠠᠭ ᠤᠨ ᠨᠢᠭᠡᠨ ᠠᠴᠠ ᠭᠠᠷᠠᠭ ᠤᠨ ᠭᠤᠷᠪᠠᠨ᠄ ᠡᠬᠦᠯᠡᠷᠭᠡᠭ ᠪᠠᠶᠢᠭᠰᠠᠨ ᠠᠴᠠ ᠪᠠᠨ ᠲᠤᠩᠭᠠᠯᠠᠭᠰᠢᠨ᠎ᠠ᠂ ᠲᠠᠷᠠᠬᠠᠶ ᠴᠢᠨᠠᠷᠲᠠᠶ ᠪᠠᠭ᠎ᠠ ᠪᠣᠷᠣᠭᠠᠨ ᠲᠠᠢ᠂ ᠡᠭᠦᠨ ᠳᠤ ᠭᠠᠷᠠᠭ ᠤᠨ ᠭᠤᠷᠪᠠᠨ ᠳᠤ ᠨᠡᠯᠢᠶᠡᠳ ᠶᠡᠭᠡ ᠰᠠᠯᠬᠢ ᠲᠠᠢ᠃       ᠭᠠᠷᠠᠭ ᠤᠨ ᠳᠥᠷᠪᠡᠨ ᠠᠴᠠ ᠭᠠᠷᠠᠭ ᠤᠨ ᠲᠠᠪᠤᠨ ᠪᠣᠯᠲᠠᠯ᠎ᠠ᠄ ᠲᠤᠩᠭᠠᠯᠠᠭ ᠠᠴᠠ  ᠡᠬᠦᠯᠡᠰᠢᠨ᠎ᠡ᠃      ᠭᠠᠷᠠᠭ ᠤᠨ ᠵᠢᠷᠭᠤᠭᠠᠨ᠄ ᠡᠬᠦᠯᠡᠰᠢᠵᠦ ᠪᠠᠭ᠎ᠠ ᠪᠣᠷᠣᠭᠠᠨ ᠣᠷᠣᠨ᠎ᠠ᠃      ᠭᠠᠷᠠᠭ ᠤᠨ ᠡᠳᠦᠷ᠄ ᠲᠤᠩᠭᠠᠯᠠᠭ᠂ ᠳᠤᠯᠠᠭᠠᠨ ᠤ ᠭᠡᠮᠵᠢᠶ᠎ᠡ 6℃ ᠣᠷᠴᠢᠮ ᠳᠣᠷᠣᠭᠰᠢᠯᠠᠨ᠎ᠠ᠃ ᠰᠠᠨᠠᠭᠤᠯᠬᠤ ᠨᠢ᠄       1. ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠭᠡᠷᠡᠭᠳᠡᠢ᠃      2. ᠴᠠᠭ ᠠᠭᠤᠷ ᠤᠨ ᠪᠠᠶᠢᠳᠠᠯ ᠢ ᠰᠠᠶᠢᠳᠤᠷ ᠠᠩᠬᠠᠷᠴᠤ᠂ ᠭᠡᠷ ᠤᠨ ᠭᠠᠳᠠᠨᠠᠬᠢ ᠬᠥᠳᠡᠯᠭᠡᠭᠡᠨ ᠢ ᠠᠯᠢ ᠴᠢᠳᠠᠬᠤ ᠪᠠᠷ ᠪᠠᠭᠠᠰᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠶ᠃                      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠴᠠᠭ ᠠᠭᠤᠷ ᠤᠨ ᠦᠷᠳᠡᠭᠡ