ᠬᠤᠨᠢᠴᠢᠨᠭᠤᠤᠯ ᠪᠠᠯᠭᠠᠰᠤ ᠪᠣᠯ ᠡᠵᠡᠨ ᠬᠤᠷᠤᠭ᠎ᠠ ᠬᠤᠰᠢᠭᠤᠨ ᠤ ᠪᠠᠷᠠᠭᠤᠨ ᠪᠡᠶ᠎ᠡ ᠳᠤ ᠪᠠᠶᠢᠷᠢᠯᠠᠵᠤ᠂ ᠲᠡᠷᠡ ᠪᠣᠯ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠲᠣᠮᠣ ᠪᠠᠯᠭᠠᠰᠤ ᠪᠣᠯᠣᠨ᠎ᠠ᠃ ᠪᠥᠬᠦ ᠪᠠᠯᠭᠠᠰᠤᠨ ᠤ ᠶᠡᠷᠦᠩᠬᠡᠢ ᠲᠠᠯᠠᠪᠠᠶ ᠨᠢ 1000 ᠲᠡᠭᠰᠢ ᠳᠥᠷᠪᠡᠯᠵᠢᠨ ᠺᠢᠯᠣᠮᠧᠲᠷ᠂ ᠪᠥᠬᠦ ᠪᠠᠯᠭᠠᠰᠤᠨ ᠤ | ᠶᠡᠷᠦᠩᠬᠡᠢ ᠲᠠᠷᠢᠶᠠᠨ ᠭᠠᠵᠠᠷ ᠤᠨ ᠲᠠᠯᠠᠪᠠᠶ ᠨᠢ 16 ᠲᠦᠮᠡᠨ ᠮᠦ ᠪᠠᠶᠢᠵᠤ᠂ ᠬᠠᠷᠢᠶᠠᠨ ᠳᠤ 28 ᠵᠠᠰᠠᠭ ᠵᠠᠬᠢᠷᠭᠠᠨ ᠤ ᠲᠣᠰᠬᠤᠨ᠂ 1 ᠨᠡᠶᠢᠭᠡᠮ ᠲᠣᠭᠤᠷᠢᠭ᠂ 185 | ᠲᠣᠰᠬᠤᠨ ᠤ ᠠᠷᠠᠳ ᠤᠨ ᠳᠤᠭᠤᠶᠢᠯᠠᠩ ᠪᠠᠶᠢᠵᠤ᠂ ᠶᠡᠷᠦᠩᠬᠡᠢ ᠬᠥᠮᠥᠨ ᠠᠮᠠ ᠨᠢ 29513 ᠬᠥᠮᠥᠨ ᠪᠠᠶᠢᠨ᠎ᠠ᠃ ᠣᠶᠢᠷ᠎ᠠ ᠶᠢᠨ ᠵᠢᠯ ᠳᠤ᠂ ᠤᠷᠢᠳ ᠬᠤᠵᠢᠳ ︽ᠪᠥᠬᠦ | ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠠᠮᠲᠤ︾᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠲᠡᠷᠢᠭᠦᠨ ᠤ ᠬᠠᠮᠲᠤ︾᠂ ︽ᠪᠥᠬᠦ ᠤᠯᠤᠰ ᠤᠨ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭ ᠡᠪᠯᠡᠯ ᠤᠨ ᠬᠤᠷᠢᠶ᠎ᠠ︾ ᠵᠡᠷᠭᠡ ᠢᠷᠠᠭᠤ ᠠᠯᠳᠠᠷ ᠤᠨ | ᠴᠣᠯᠠ ᠶᠢ ᠭᠥᠷᠳᠡᠪᠡ᠃ | ᠣᠷᠣᠨ ᠪᠠᠶᠢᠷᠢᠰᠢᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠃ ᠬᠤᠨᠢᠴᠢᠨᠭᠤᠤᠯ ᠪᠠᠯᠭᠠᠰᠤ ᠶᠢᠨ ᠪᠠᠷᠠᠭᠤᠨ ᠬᠤᠶᠢᠲᠤ ᠲᠠᠯ᠎ᠠ ᠨᠢ ᠦᠦᠰᠢᠨ | ᠬᠤᠰᠢᠭᠤ᠂ ᠬᠠᠩᠭᠢᠨ ᠬᠤᠰᠢᠭᠤ ᠲᠠᠢ ᠲᠤᠰ ᠲᠤᠰ ᠵᠠᠬ᠎ᠠ ᠨᠡᠶᠢᠯᠡᠵᠦ᠂ ᠵᠡᠭᠦᠨ ᠡᠮᠦᠨ᠎ᠡ ᠲᠠᠯ᠎ᠠ ᠨᠢ ᠰᠤᠪᠤᠷᠭ᠎ᠠ ᠪᠠᠯᠭᠠᠰᠤ᠂ ᠡᠵᠡᠨ ᠬᠤᠷᠤᠭ᠎ᠠ ᠪᠠᠯᠭᠠᠰᠤ᠂ ᠵᠠᠰᠠᠭ | ᠪᠠᠯᠭᠠᠰᠤ ᠲᠠᠢ ᠬᠥᠷᠰᠢᠯᠡᠵᠦ ᠪᠤᠢ᠃ ᠳ᠋ᠦᠩ ᠡᠤ ᠲᠡᠮᠦᠷ ᠵᠠᠮ ᠵᠡᠭᠦᠨ ᠠᠴᠠ ᠪᠠᠷᠠᠭᠤᠨᠰᠢ ᠦᠩᠬᠡᠷᠡᠵᠦ᠂ ᠦᠬᠠᠢ ᠠᠴᠠ ᠠᠯᠳᠠᠨᠰᠢᠷᠡᠭᠡ ᠬᠦᠷᠬᠦ ᠱᠤᠭᠤᠮ᠂ ᠠᠯᠳᠠᠨᠰᠢᠷᠡᠭᠡ | ᠠᠴᠠ ᠲᠦᠴᠢᠨ ᠭᠠᠵᠠᠷ ᠤᠨ ᠰᠢᠯᠢ ᠬᠦᠷᠬᠦ ᠱᠤᠭᠤᠮ᠂ ᠠᠨᠨᠠ ᠱᠤᠭᠤᠮ ᠬᠢᠯᠢ ᠪᠠᠷ ᠥᠩᠭᠡᠷᠡᠵᠦ᠂ ᠵᠠᠰᠠᠮᠠᠯ ᠵᠠᠮ ᠤᠨ ᠪᠦᠬᠦ ᠤᠷᠳᠤ ᠨᠢ 584 ᠺᠢᠯᠣᠮᠧᠲᠷ ᠲᠤ ᠬᠦᠷᠴᠦ᠂ | ᠣᠷᠳᠣᠰ ᠤᠨ ᠳᠤᠮᠳᠠ ᠪᠠᠷᠠᠭᠤᠨ ᠬᠡᠰᠡᠭ ᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠣᠨ᠎ᠠ᠃ | ᠥᠨᠢ ᠤᠳᠠᠭᠠᠨ ᠲᠡᠦᠬᠡ ᠲᠠᠢ᠂ ᠭᠡᠷᠡᠯ ᠰᠠᠴᠤᠷᠠᠩᠭᠤᠢ ᠰᠣᠶᠣᠯ ᠲᠠᠢ᠃ ᠴᠢᠨ ᠤ ᠵᠠᠮ ᠬᠢᠯᠢ ᠶᠢ ᠨᠡᠪᠲᠡᠯᠦᠨ ᠥᠩᠭᠡᠷᠡᠵᠦ᠂ ᠬᠤᠨᠢᠴᠢᠨᠭᠤᠤᠯ ᠭᠤᠣᠯ ᠤᠨ | ᠡᠷᠲᠡᠨ ᠤ ᠬᠤᠲᠠ ᠮᠢᠩᠭᠠᠨ ᠵᠢᠯ ᠰᠡᠬᠦᠶᠢᠨ ᠰᠦᠨᠳᠡᠷᠯᠡᠵᠡᠢ᠃ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ᠂ ᠤᠯᠠᠭᠠᠨᠬᠦᠦ ᠵᠡᠷᠭᠡ ᠬᠤᠪᠢᠰᠬᠠᠯ ᠤᠨ ᠠᠬᠠᠮᠠᠳ | ᠦᠶ᠎ᠡ ᠶᠢᠨ ᠬᠢᠨ ᠠᠳᠡ ᠶᠠᠫᠤᠨ ᠢ ᠡᠰᠡᠷᠭᠦᠴᠡᠨ ᠳᠠᠶᠢᠰᠤᠨ ᠢ ᠤᠰᠠᠳᠬᠠᠵᠤ᠂ ᠤᠯᠤᠰ ᠭᠡᠷ ᠢᠶᠠᠨ ᠬᠠᠮᠠᠭᠠᠯᠠᠵᠤ᠂ ᠴᠢᠰᠤ ᠤᠷᠤᠰᠬᠠᠨ ᠪᠠᠶᠢᠯᠳᠤᠪᠠ᠃ ᠬᠢᠯᠢ ᠶᠢᠨ | ᠳᠣᠲᠣᠷ᠎ᠠ ᠵᠠᠯᠠᠭᠤᠴᠤᠳ ᠪᠠᠭᠠᠴᠤᠳ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠰᠤᠳᠤᠯᠭᠠᠨ ᠪᠠ ᠤᠷᠠᠨ ᠪᠢᠴᠢᠯᠭᠡ ᠶᠢᠨ ᠰᠤᠷᠭᠠᠨ ᠬᠥᠮᠦᠵᠢᠯ ᠤᠨ | ᠪᠣᠯᠪᠠᠰᠤᠷᠠᠯ ᠢ ᠨᠢᠭᠡ ᠴᠣᠭᠴᠠᠵᠢᠭᠤᠯᠤᠭᠰᠠᠨ ᠬᠤᠨᠢᠴᠢᠨᠭᠤᠤᠯ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠣᠷᠳᠣᠨ ᠪᠠᠶᠢᠵᠤ᠂ ᠡᠳᠦᠭᠡ ᠪᠣᠯᠲᠠᠯ᠎ᠠ | ᠬᠤᠶᠢᠰᠢᠳᠠ ᠶᠢᠨ ᠬᠥᠮᠥᠰ ᠲᠤ ᠬᠤᠪᠢᠰᠬᠠᠯ ᠤᠨ ᠦᠯᠢᠭᠡᠷ ᠢ ᠲᠠᠰᠤᠷᠠᠯᠲᠠ ᠦᠭᠡᠢ ᠶᠠᠷᠢᠭᠰᠠᠭᠠᠷ ᠪᠠᠶᠢᠨ᠎ᠠ᠃ | ᠲᠠᠷᠢᠶᠠᠯᠠᠩ ᠬᠥᠭᠵᠢᠵᠦ᠂ ᠡᠳ᠋ ᠭᠠᠷᠤᠯᠲᠠ ᠡᠯᠪᠡᠭ ᠳᠡᠯᠪᠡᠭ᠃ ᠬᠤᠨᠢᠴᠢᠨᠭᠤᠤᠯ ᠪᠠᠯᠭᠠᠰᠤ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ | ᠬᠡᠯᠬᠢᠶ᠎ᠡ ᠶᠢ ᠴᠢᠩᠭᠠᠳᠬᠠᠬᠤ ᠪᠠᠷ ᠬᠦᠴᠦᠯᠡᠵᠦ᠂ ᠮᠢᠬᠠᠨ ᠤ ᠬᠤᠯᠪᠣᠭ᠎ᠠ ᠶᠢ ᠨᠢᠭᠡ ᠴᠣᠭᠴᠠᠵᠢᠭᠤᠯᠤᠭᠰᠠᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠲᠦᠷᠦᠯ | ᠵᠦᠢᠯ᠂ ᠭᠠᠵᠠᠷ ᠰᠢᠷᠣᠢ ᠶᠢᠨ ᠬᠥᠷᠥᠩᠭᠡ ᠶᠢᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠵᠡᠷᠭᠡ ᠨᠢᠭᠡ ᠪᠦᠯᠦᠭ ᠥᠷᠢᠰᠦᠯᠳᠦᠬᠦ ᠬᠦᠴᠦᠨ ᠲᠠᠢ᠂ | ᠨᠥᠯᠥᠭᠡᠯᠡᠬᠦ ᠬᠦᠴᠦᠨ ᠲᠠᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ᠂ ᠲᠠᠷᠢᠬᠤ᠂ ᠲᠡᠵᠢᠭᠡᠬᠦ᠂ | ᠪᠤᠯᠪᠠᠰᠤᠷᠠᠭᠤᠯᠬᠤ᠂ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠬᠠᠩᠭᠠᠯᠭ᠎ᠠ ᠶᠢᠨ ᠰᠢᠰᠲ᠋ᠧᠮ ᠢ | ᠪᠦᠷᠢᠯᠳᠦᠭᠦᠯᠵᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 10.2 ᠲᠦᠮᠡᠨ ᠮᠦ ᠪᠠᠶᠢᠭᠤᠯᠵᠤ᠂ ᠰᠢᠷ᠎ᠠ ᠪᠤᠷᠴᠠᠭ ᠤᠨ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ | ᠨᠡᠶᠢᠯᠡᠭᠦᠯᠦᠨ 1800 ᠮᠦ᠂ ᠰᠢᠰᠢ 2500 ᠮᠦ᠂ ᠡᠯᠳᠡᠪ ᠠᠮᠤ 2000 ᠮᠦ᠂ ᠵᠢᠮᠢᠰ ᠨᠣᠭᠤᠭ᠎ᠠ 6000 ᠮᠦ ᠳᠠᠷᠢᠨ᠎ᠠ᠃ ᠠᠯᠠᠰᠢᠨ ᠬᠤᠨᠢᠨ ᠤ ᠲᠤᠭ᠎ᠠ 19.5 | ᠲᠦᠮᠡ ᠳᠤ ᠬᠦᠷᠴᠦ᠂ ᠭᠡᠷ ᠤᠨ ᠵᠢᠭᠦᠷᠲᠡᠨ 10 ᠲᠦᠮᠡ᠂ ᠭᠠᠭ᠋ᠠᠢ 4 ᠲᠦᠮᠡ᠂ ᠠᠯᠠᠰᠢᠨ ᠦᠬᠡᠷ 1.2 ᠲᠦᠮᠡ ᠳᠤ ᠬᠦᠷᠴᠡᠢ᠃ ᠬᠡᠪᠴᠢᠶᠡᠵᠢᠯ ᠠᠴᠠ ᠳᠡᠭᠡᠭᠰᠢᠬᠢ ᠭᠡᠷ | ᠪᠦᠯᠢ ᠶᠢᠨ ᠲᠠᠷᠢᠶᠠᠯᠠᠩ ᠤᠨ ᠲᠠᠯᠠᠪᠠᠶ ᠶᠢ 280᠂ ᠵᠢᠱᠢᠶ᠎ᠡ ᠦᠵᠡᠭᠦᠯᠬᠦ ᠴᠢᠨᠠᠷᠲᠠᠢ ᠲᠤᠰᠬᠠᠢ ᠬᠤᠷᠰᠢᠶ᠎ᠠ ᠶᠢ 30᠂ ᠲᠤᠯᠤᠭᠠᠶᠢᠯᠠᠭᠴᠢ ᠠᠵᠤ ᠠᠬᠤᠶᠢᠯᠠᠯ ᠢ 8᠂ ᠵᠢᠵᠢᠭ | ᠪᠢᠴᠢᠯ ᠠᠵᠤ ᠠᠬᠤᠶᠢᠯᠠᠯ ᠢ 25 ᠪᠣᠶᠢᠵᠢᠭᠤᠯᠪᠠ᠃ | ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠃ ᠬᠢᠯᠢ ᠶᠢᠨ ᠳᠣᠲᠣᠷ᠎ᠠ ᠤᠯᠠᠭᠠᠨᠨᠠᠭᠤᠷ᠂ ᠬᠠᠳᠠᠲᠤ ᠨᠠᠭᠤᠷ᠂ | ᠴᠡᠬᠡᠨ ᠨᠠᠭᠤᠷ ᠵᠡᠷᠭᠡ 4 ᠨᠠᠭᠤᠷ᠂ ᠬᠤᠨᠢᠴᠢᠨᠭᠤᠤᠯ᠂ ᠲᠤᠩᠭᠠᠯᠠᠭ ᠭᠤᠣᠯ᠂ ᠠᠯᠤᠲᠤ ᠭᠤᠣᠯ ᠵᠡᠷᠭᠡ 9 ᠭᠤᠣᠯ ᠮᠥᠷᠡᠨ ᠲᠠᠢ᠂ ᠤᠰᠤᠨ ᠤ ᠡᠬᠢ ᠪᠠᠶᠠᠯᠢᠭ ᠡᠯᠪᠡᠭ | ᠪᠠᠶᠠᠯᠢᠭ᠃ ᠪᠥᠬᠦ ᠪᠠᠯᠭᠠᠰᠤᠨ ᠤ ᠣᠶᠢᠲᠤ ᠭᠠᠵᠠᠷ ᠤᠨ ᠲᠠᠯᠠᠪᠠᠶ ᠨᠢ 29 ᠲᠦᠮᠡᠨ ᠮᠦ᠂ ᠡᠪᠡᠰᠦᠲᠦ ᠭᠠᠵᠠᠷ ᠨᠢ 55 ᠲᠦᠮᠡᠨ ᠮᠦ ᠪᠠᠶᠢᠵᠤ᠂ ᠣᠶ ᠰᠢᠭᠤᠢ ᠶᠢᠨ | ᠪᠦᠷᠬᠦᠴᠡ ᠶᠢᠨ ᠨᠣᠷᠮ᠎ᠠ ᠨᠢ 45% ᠳᠤ ᠬᠥᠷᠪᠡ᠃ ᠴᠡᠬᠡᠨ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠤ ᠤᠰᠤ ᠪᠡᠯᠴᠢᠭᠡᠷ ᠲᠠᠩᠰᠤᠭ ᠰᠠᠶᠢᠬᠠᠨ᠂ ᠥᠩᠭᠡ | ᠦᠵᠡᠮᠵᠢ ᠲᠠᠭᠠᠯᠠᠮᠵᠢᠲᠠᠢ᠂ ᠬᠤᠨᠢᠴᠢᠨᠭᠤᠤᠯ ᠪᠠᠯᠭᠠᠰᠤᠨ ᠤ ᠴᠢᠬᠤᠯᠠ ᠵᠤᠭᠠᠴᠠᠯ ᠤᠨ ᠲᠦᠷᠦᠯ ᠵᠦᠢᠯ ᠪᠣᠯᠣᠨ᠎ᠠ᠃ | ᠣᠶᠢᠷ᠎ᠠ ᠶᠢᠨ ᠵᠢᠯ ᠤᠨ ᠲᠤᠷᠰᠢ᠂ ᠬᠤᠨᠢᠴᠢᠨᠭᠤᠤᠯ ᠪᠠᠯᠭᠠᠰᠤ ᠣᠷᠣᠨ ᠪᠠᠶᠢᠷᠢ᠂ ᠵᠠᠮ ᠬᠠᠷᠢᠯᠴᠠᠭ᠎ᠠ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠠᠵᠤ᠂ ︽ᠪᠠᠷᠠᠭᠤᠨ ᠣᠷᠣᠨ ᠤ ᠰᠣᠳᠣᠨ ᠲᠠᠷᠢᠶᠠᠯᠠᠩ ᠮᠠᠯ ᠠᠵᠤ ᠠᠬᠤᠢ ᠲᠥᠪᠯᠡᠷᠡᠭᠰᠡᠨ ᠣᠷᠣᠨ︾ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ︽ᠲᠦᠷᠪᠡᠨ ᠲᠣᠭᠤᠷᠢᠭ ᠲᠠᠪᠤᠨ ᠬᠦᠷᠢᠶᠡᠯᠡᠩ ᠠᠷᠪᠠᠨ ᠰᠠᠭᠤᠷᠢᠨ︾ ᠤ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠪᠠᠯᠭᠠᠰᠤ᠂ ᠬᠠᠮᠲᠤᠪᠠᠷ ᠪᠠᠶᠠᠵᠢᠨ ᠬᠥᠭᠵᠢᠬᠦ ᠶᠢᠨ ᠬᠤᠰᠢᠭᠤᠴᠢ ᠣᠷᠣᠨ ᠪᠣᠯᠭᠠᠬᠤ ᠪᠠᠷ ᠴᠢᠷᠮᠠᠶᠢᠪᠠ᠃ | | 2022 ᠣᠨ ᠳᠤ ᠪᠥᠬᠦ ᠪᠠᠯᠭᠠᠰᠤ ᠪᠠᠷ ᠢᠶᠠᠨ 1975 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 4522 ᠲᠦᠮᠡᠨ ᠲᠥᠭᠦᠷᠢᠭ ᠪᠡᠶᠡᠯᠡᠭᠦᠯᠪᠡ᠃ | | | | | | |