︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ ︵  ᠭᠤᠷᠪᠠ︶ ​ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠤᠮᠳᠠᠯᠠᠨ᠎ᠠ
ᠨᠡᠶᠢᠲᠡᠯᠡᠭᠰᠡᠨ ᠴᠠᠭ᠄
2024/7/19
      ᠤᠶᠢᠷ᠎ᠠ ᠳᠤ᠂ ᠠᠯᠳᠠᠨᠰᠢᠷᠡᠭᠡᠳᠤ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ᠃      ᠲᠤᠰ ᠢᠨᠵᠧᠨᠧᠷᠢᠩ ᠢ ᠬᠡᠷᠡᠭᠵᠢᠭᠦᠯᠦᠭᠰᠡᠨ ᠨᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠪᠣᠳᠠᠲᠠᠢ ᠦᠢᠯᠡᠳᠦᠯᠭᠡ ᠪᠠᠶᠢᠵᠤ᠂ ᠪᠠᠰᠠ ᠤᠯᠠᠭᠠᠨᠮᠦ᠋ᠷᠡᠨ ᠤ ᠬᠠᠷᠢᠶ᠎ᠠ ᠣᠷᠣᠨ ᠤ ᠤᠰᠤ ᠬᠠᠩᠭᠠᠬᠤ ᠰᠤᠷᠪᠤᠯᠵᠢ ᠶᠢᠨ ᠢᠨᠵᠧᠨᠧᠷᠢᠩ ᠪᠠ ᠠᠭᠠᠷ ᠤᠨ ᠭᠠᠷᠠᠮ ᠤᠨ ᠥᠨᠳᠥᠷ ᠪᠠᠶᠢᠷᠢᠳᠤ ᠤᠰᠤᠨ ᠴᠥᠭᠦᠷᠥᠮ ᠤᠨ ᠢᠨᠵᠧᠨᠧᠷᠢᠩ ᠲᠠᠢ ᠬᠤᠯᠪᠤᠭᠳᠠᠬᠤ ᠪᠤᠯᠤᠨ᠎ᠠ᠃      ᠣᠶᠢᠯᠠᠭᠠᠭᠰᠠᠨ ᠢᠶᠠᠷ᠂ ᠲᠣᠰ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠶᠢᠨ ᠲᠦᠢᠮᠣ ᠲᠥᠰᠦᠪ ᠨᠢ 3998.47 ᠲᠦᠮᠡᠨ ᠲᠥᠭᠦᠷᠢᠭ ᠪᠠᠶᠢᠵᠤ᠂ ᠵᠢᠱᠢᠯᠲᠡ ᠪᠠᠷ 1 ᠤᠰᠤ ᠬᠠᠩᠭᠠᠬᠤ ᠤᠶᠢᠯᠡᠳᠪᠤᠷᠢ ᠶᠢ ᠰᠢᠨ᠎ᠡ ᠪᠠᠷ ᠪᠠᠶᠢᠭᠤᠯᠤᠨ᠂ 16.54 ᠮᠥ ᠭᠠᠵᠠᠷ ᠢ ᠡᠵᠡᠯᠡᠬᠦ ᠪᠠᠷ ᠪᠠᠶᠢᠵᠤ᠂ ᠡᠭᠦᠨ ᠳᠤ 1 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠴᠡᠪᠡᠷ ᠤᠰᠤᠨ ᠤ ᠴᠥᠭᠦᠷᠥᠮ 2᠂ ᠶᠡᠷᠦᠩᠬᠡᠶᠢᠯᠡᠭᠰᠡᠨ ᠬᠡᠷ ᠪᠠᠶᠢᠰᠢᠩ 1 ︵ᠡᠬᠦᠨ ᠳᠤ ᠤᠰᠤᠨ ᠬᠥᠭᠡᠷᠭᠡ ᠶᠢᠨ ᠲᠠᠰᠤᠭ᠂ ᠾᠯᠣᠷ ᠨᠡᠮᠡᠬᠦ ᠲᠠᠰᠤᠭ᠂ ᠬᠦᠴᠦᠳᠡᠯ ᠥᠭᠡᠷᠡᠴᠢᠯᠡᠬᠦ ᠲᠠᠰᠤᠭ ᠵᠡᠷᠭᠡ ᠪᠠᠭᠲᠠᠨ᠎ᠠ︶᠂  ᠤᠶᠢᠯᠡᠳᠪᠤᠷᠢ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠱᠤᠭᠤᠮ 3 ᠺᠢᠯᠣᠮᠧᠲᠷ ᠢ ᠲᠡᠪᠢᠰᠬᠦ ᠪᠤᠯᠤᠨ᠎ᠠ᠃  ᠤᠳᠤᠬᠠᠨ ᠪᠣᠯᠲᠠᠯ᠎ᠠ᠂  ᠴᠡᠪᠡᠷ ᠤᠰᠤᠨ ᠤ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠵᠢᠱᠢᠯᠲᠡ ᠪᠠᠷ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ  ᠎ ᠪᠠᠷ ᠪᠤᠢ᠃          ᠤᠯᠠᠭᠠᠨᠮᠦ᠋ᠷᠡᠨ ᠤ ᠬᠠᠷᠢᠶ᠎ᠠ ᠣᠷᠣᠨ ᠤ ᠤᠰᠤ ᠬᠠᠩᠭᠠᠬᠤ ᠰᠤᠷᠪᠤᠯᠵᠢ ᠶᠢᠨ ᠢᠨᠵᠧᠨᠧᠷᠢᠩ ᠳᠤ  ᠱᠠᠩ ᠱᠠᠨ ᠤᠰᠤ ᠬᠠᠩᠭᠠᠬᠤ ᠺᠣᠮᠫᠠᠨᠢ ᠠᠴᠠ 7500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠰᠤᠨ ᠰᠤᠷᠪᠤᠯᠵᠢ ᠶᠢᠨ ᠬᠤᠳᠳᠤᠭ ᠤᠨ ᠪᠥᠲᠥᠭᠡᠨ ᠪᠠᠶᠢᠭᠤᠯᠤᠯᠲᠠ ᠪᠠ ᠴᠠᠬᠢᠯᠭᠠᠨ ᠬᠦᠴᠦᠨ ᠤ ᠢᠵᠢ ᠪᠦᠷᠢᠳᠦᠭᠦᠯᠬᠦ ᠢᠨᠵᠧᠨᠧᠷᠢᠩ ᠢ ᠬᠠᠷᠢᠭᠤᠴᠠᠨ ᠪᠦᠳᠤᠭᠡᠨ ᠪᠠᠶᠢᠭᠤᠯᠤᠨ᠎ᠠ᠃ ᠱᠧᠨ ᠳ᠋ᠦᠩ ᠺᠣᠮᠫᠠᠨᠢ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠰᠤᠨ ᠰᠤᠷᠪᠤᠯᠵᠢ ᠶᠢᠨ ᠬᠤᠳᠳᠤᠭ ᠤᠨ ᠬᠤᠭᠤᠯᠠᠶ ᠱᠤᠭᠤᠮ ᠵᠢᠴᠢ ᠳᠠᠷᠤᠯᠲᠠᠲᠤ ᠬᠥᠭᠡᠷᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ ᠪᠦᠳᠤᠭᠡᠨ ᠪᠠᠶᠢᠭᠤᠯᠬᠤ ᠪᠤᠯᠤᠨ᠎ᠠ᠃  ᠤᠳᠤᠬᠠᠨ ᠪᠣᠯᠲᠠᠯ᠎ᠠ᠂  ᠱᠠᠩ ᠱᠠᠨ ᠤᠰᠤ ᠬᠠᠩᠭᠠᠬᠤ ᠺᠣᠮᠫᠠᠨᠢ ᠶᠡᠷᠦᠩᠬᠡᠶ ᠪᠠᠷᠢᠯᠭ᠎ᠠ ᠶᠢᠨ  90%᠎ ᠶᠢ ᠨᠢᠭᠡᠨᠲᠡ ᠪᠠᠶᠢᠭᠤᠯᠵᠤ ᠲᠠᠭᠤᠰᠬᠠᠭᠰᠠᠨ ᠪᠠᠶᠢᠨ᠎ᠠ᠃     ᠠᠭᠠᠷ ᠤᠨ ᠭᠠᠷᠠᠮ ᠤᠨ ᠥᠨᠳᠥᠷ  ᠪᠠᠶᠢᠷᠢᠳᠤ ᠤᠰᠤᠨ ᠴᠥᠭᠦᠷᠥᠮ ᠤᠨ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 4197.2 ᠲᠦᠮᠡᠨ ᠲᠥᠭᠦᠷᠢᠭ ᠪᠠᠶᠢᠵᠤ᠂ ᠬᠤᠶᠠᠷ ᠪᠠᠷᠢᠮᠵᠢᠶᠠᠲᠤ ᠬᠡᠰᠡᠭ ᠬᠤᠪᠢᠶᠠᠵᠠᠢ᠂ ᠡᠭᠦᠨ ᠳᠤ ᠨᠢᠭᠡᠳᠦᠭᠡᠷ ᠪᠠᠷᠢᠮᠵᠢᠶᠠᠲᠤ ᠬᠡᠰᠡᠭ ᠤᠨ ᠪᠠᠯᠠ ᠣᠷᠣᠭᠤᠯᠤᠯᠲᠠ ᠨᠢ 1795.8 ᠲᠦᠮᠡᠨ ᠲᠥᠭᠦᠷᠢᠭ ᠪᠠᠶᠢᠵᠤ᠂ 2 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠤᠰᠤᠨ ᠴᠥᠭᠦᠷᠥᠮ ᠢ ᠰᠢᠨ᠎ᠡ ᠪᠠᠷ ᠪᠠᠶᠢᠭᠤᠯᠵᠤ᠂ 2024 ᠣᠨ ᠤ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠬᠦ ᠪᠠᠷ ᠲᠥᠯᠥᠪᠯᠡᠵᠦ ᠪᠣᠶ᠃ ᠬᠤᠶᠠᠳᠤᠭᠠᠷ ᠪᠠᠷᠢᠮᠵᠢᠶᠠᠲᠤ ᠬᠡᠰᠡᠭ ᠲᠤ 2401.4 ᠲᠦᠮᠡᠨ ᠲᠥᠭᠦᠷᠢᠭ ᠤᠨ ᠪᠠᠯᠠ ᠣᠷᠣᠭᠤᠯᠵᠤ᠂ 2000 ᠪᠣᠰᠤᠭ᠎ᠠ ᠳᠥᠷᠪᠡᠯᠵᠢᠨ ᠮᠧᠲᠷ ᠤᠨ ᠲᠣᠬᠢᠷᠠᠭᠤᠯᠬᠤ ᠴᠦᠬᠦᠷᠤᠮ 2᠂ ᠳᠠᠷᠤᠯᠲᠠᠲᠤ ᠬᠥᠭᠡᠷᠭᠡ ᠶᠢᠨ ᠬᠡᠷ 1᠂ ᠬᠠᠮᠢᠶᠠᠷᠤᠯᠲᠠ ᠳᠤ ᠬᠡᠷᠡᠭᠯᠡᠬᠦ ᠬᠡᠷ 1᠂  ᠤᠶᠢᠯᠡᠳᠪᠤᠷᠢ ᠶᠢᠨ ᠲᠣᠭᠤᠷᠢᠭ ᠲᠠᠬᠢ ᠢᠵᠢ ᠪᠥᠷᠢᠳᠦᠭᠰᠡᠨ ᠲᠡᠷᠭᠡᠨ ᠵᠤᠭᠰᠤᠭᠠᠯ᠂  ᠬᠦᠷᠢᠶᠡᠨ ᠬᠡᠷᠡᠮ᠂ ᠬᠠᠳᠠᠭᠤᠵᠢᠭᠤᠯᠤᠯᠳᠠ᠂ ᠨᠣᠭᠤᠭᠠᠷᠠᠭᠤᠯᠤᠯᠲᠠ ᠵᠡᠷᠭᠡ ᠲᠠᠭᠠᠯᠳᠠ ᠲᠥᠬᠦᠭᠡᠷᠦᠮᠵᠢ ᠶᠢ ᠪᠦᠳᠤᠭᠡᠨ ᠪᠠᠶᠢᠭᠤᠯᠬᠤ ᠪᠠᠷ ᠪᠠᠶᠢᠵᠤ᠂ ᠣᠳᠣᠬᠠᠨ ᠳᠤ ᠶᠠᠭ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠥᠷᠨᠢᠭᠦᠯᠵᠦ ᠪᠤᠢ᠂ ᠵᠢᠱᠢᠯᠲᠡ ᠪᠠᠷ 2024 ᠣᠨ ᠤ 11 ᠳ᠋ᠤᠭᠡᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ᠎ᠠ᠃                     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ