ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠢᠮᠠᠭᠲᠠ ᠠᠩᠬᠠᠷᠤᠨ ᠬᠠᠯᠠᠮᠵᠢᠯᠠᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ 2023 ᠣᠨ ᠤ 6 ᠰᠠᠷ᠎ᠠ ᠳᠤ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠥ | ᠰᠢᠨᠵᠢᠯᠡᠨ ᠪᠠᠶᠢᠴᠠᠭᠠᠵᠤ᠂ ᠳᠠᠬᠢᠨᠲᠠ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ ᠴᠢᠭᠯᠡᠯ ᠢ ᠲᠣᠭᠲᠠᠭᠠᠵᠤ ᠥᠭᠭᠦᠨ᠂ ᠡᠷᠴᠢ ᠵᠣᠷᠢᠭ ᠢ ᠬᠥᠪᠴᠢᠯᠡᠨ | ᠤᠷᠮᠠᠰᠢᠭᠤᠯᠤᠨ ᠵᠣᠷᠢᠭᠵᠢᠭᠤᠯᠪᠠ᠂ ᠪᠦᠭᠦ ᠣᠷᠣᠨ ᠳᠠᠶᠠᠭᠠᠷ ᠢᠶᠠᠨ ᠲᠤᠶᠢᠯ ᠢᠶᠠᠷ ᠤᠷᠮᠠᠰᠢᠨ ᠵᠣᠷᠢᠭᠵᠢᠪᠠ᠃ | ᠨᠢᠭᠡ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ | ᠭᠤᠣᠯ ᠰᠡᠳᠦᠪᠲᠦ ᠬᠥᠮᠦᠵᠢᠯ ᠸᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠬᠦᠴᠦᠨ ᠴᠢᠳᠠᠯ ᠣᠯᠭᠤᠨ ᠦᠷ᠎ᠡ ᠠᠰᠢᠭ ᠢᠶᠠᠨ | ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠲᠦᠴᠡ᠂ ᠦᠵᠡᠯ ᠰᠠᠨᠠᠭ᠎ᠠ | ᠣᠶᠢᠯᠠᠭᠠᠭᠳᠠᠬᠤᠨ ᠪᠣᠯᠣᠨ ᠠᠵᠢᠯ ᠤᠨ ᠰᠤᠷᠲᠠᠯ ᠢᠶᠠᠨ ᠱᠠᠯᠠᠪᠳᠠᠨ ᠲᠠᠭᠢᠨ ᠪᠤᠢ ᠪᠤᠯᠭᠠᠵᠤ᠂ ᠣᠷᠣᠨ ᠳᠠᠶᠠᠭᠠᠷ ᠢᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠳᠦᠷᠢ ᠲᠥᠷᠬᠦ ᠶᠢ ᠱᠤᠭᠤᠬᠤ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠶᠢ ᠬᠥᠲᠥᠯᠥᠨ ᠵᠢᠯᠤᠭᠤᠳᠴᠤ᠂ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ | ᠲᠦᠪᠰᠢᠨ ᠳᠤ ᠣᠷᠣᠭᠤᠯᠬᠤ ᠶᠢ ᠠᠬᠢᠭᠤᠯᠬᠤ︾ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠨᠢᠳᠦᠨ ᠳᠤ ᠦᠵᠡᠭᠳᠡᠮ᠎ᠡ | ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ | ᠳᠤᠷᠠᠳᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠭᠦ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ | ᠥᠴᠥᠬᠡᠨ ᠴᠦ ᠬᠡᠯᠪᠡᠶᠢᠯᠭᠡᠬᠦ ᠦᠭᠡᠢ ᠪᠠᠷ ᠥᠷᠨᠢᠭᠦᠯᠬᠦ ᠶᠢ ᠠᠬᠢᠭᠤᠯᠪᠠ᠃ | ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠡᠮᠬᠢ ᠵᠢᠷᠤᠮ ᠲᠠᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠪᠠ᠃ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ | ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠪᠡᠯᠡ ᠮᠥᠩᠭᠦ ᠸᠠ ᠲᠥᠷᠥᠯ ᠵᠦᠢᠯ ᠤᠨ | ᠲᠣᠬᠢᠷᠠᠭᠤᠯᠤᠯᠲᠠ ᠵᠡᠷᠭᠡ ᠳᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠭᠰᠠᠨ ᠢ ᠬᠢᠨᠠᠨ ᠬᠠᠷᠭᠤᠭᠤᠯᠬᠤ᠂ ᠦᠨᠡᠯᠡᠬᠦ᠂ ᠴᠡᠭᠴᠡᠯᠡᠨ ᠢᠯᠭᠠᠷᠠᠭᠤᠯᠬᠤ | ᠲᠣᠭᠲᠠᠴᠠ ᠶᠢ ᠪᠠᠶᠢᠭᠤᠯᠵᠤ᠂ ᠡᠨᠡ ᠬᠦ ︽ᠲᠠᠷᠢᠬᠢ ᠲᠣᠯᠣᠭᠠᠢ ᠳᠠᠬᠢ︾ ᠠᠵᠢᠯ ᠢ ᠡᠯ᠎ᠡ ᠱᠠᠲᠤᠨ ᠤ ︽ᠭᠠᠷ ᠲᠠᠬᠢ︾ ᠠᠵᠢᠯ ᠪᠣᠯᠭᠠᠨ ᠨᠠᠶᠢᠳᠠᠪᠤᠷᠢᠵᠢᠭᠤᠯᠪᠠ᠃ | ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠣᠨ ᠤᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳᠤ ᠵᠢᠭᠰᠠᠭᠠᠨ | ᠣᠷᠣᠭᠤᠯᠵᠤ᠂ ᠡᠯ᠎ᠡ ᠲᠦᠷᠦᠯ ᠤᠨ ᠠᠵᠢᠯ ᠲᠦᠷᠦᠯ ᠤᠨ ᠳᠦᠷᠢᠮ ᠲᠣᠭᠲᠠᠭᠠᠯ᠂ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠳᠠ ᠶᠢᠨ ᠠᠷᠠᠳ ᠤᠨ ᠨᠡᠶᠢᠲᠡ ᠶᠢᠨ | ᠭᠡᠷ᠎ᠡ ᠳᠤ ᠪᠠᠰᠠ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠭᠤᠯᠭ᠎ᠠ ᠶᠢ ᠵᠠᠯᠭᠠᠭ᠎ᠠ ᠪᠠᠷ ᠨᠡᠮᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠠᠭᠠᠵᠢᠮ ᠢᠶᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠳᠦᠷ ᠳᠤᠳᠤᠮ ᠤᠨ | ᠠᠶᠠᠨᠳᠠᠭᠠᠨ ᠬᠡᠷᠡᠭᠯᠡᠳᠡᠭ ᠤᠬᠠᠮᠰᠠᠷᠲᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠵᠤ ᠬᠤᠪᠢᠷᠠᠵᠤ ᠪᠠᠶᠢᠨ᠎ᠠ᠃ | ᠰᠢᠨᠵᠢᠯᠡᠬᠦ ᠤᠬᠠᠭᠠᠨᠴᠢ ᠵᠢᠷᠤᠮᠵᠢᠩᠭᠤᠢ᠂ ᠰᠢᠰᠲ᠋ᠧᠮ ᠲᠠᠢ ᠪᠦᠭᠦ ᠲᠠᠯ᠎ᠠ ᠪᠠᠷ ᠰᠤᠳᠤᠯᠤᠨ ᠲᠠᠶᠢᠯᠪᠤᠷᠢᠯᠠᠬᠤ ᠰᠢᠰᠲ᠋ᠧᠮ ᠢ ᠪᠦᠷᠢᠯᠳᠦᠭᠦᠯᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ︵ᠪᠣᠶᠢᠵᠢᠭᠤᠯᠬᠤ︶ ᠰᠠᠭᠤᠷᠢᠨ ᠢ 11 | ᠰᠣᠩᠭᠤᠨ ᠨᠡᠷᠡᠶᠢᠳᠴᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ | ᠮᠠᠲ᠋ᠧᠷᠢᠶᠠᠯ•ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠵᠦ᠂ ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠥᠬᠡ ᠭᠠᠳᠠᠷᠲᠤ ᠤᠢᠴᠢᠭ ︵2023︶︾ ᠢ ᠨᠠᠶᠢᠷᠠᠭᠤᠯᠤᠨ ᠪᠢᠴᠢᠵᠦ᠂ ᠡᠷᠲᠡᠨ ᠠᠴᠠ ᠨᠠᠭᠠᠰᠢᠬᠢ ᠥᠪᠥᠷ ᠮᠣᠩᠭᠤᠯ ᠤᠨ ᠡᠨᠡ ᠬᠦ | ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ | ᠬᠠᠮᠲᠤ ᠪᠠᠷ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠭᠰᠠᠨ ᠲᠡᠦᠬᠡᠨ ᠪᠣᠳᠠᠲᠤ ᠤᠠᠶᠢᠳᠠᠯ ᠢ ᠭᠦᠢᠴᠡᠳ ᠠᠭᠤᠳᠠᠯᠤᠨ ᠢᠯᠡᠷᠡᠭᠦᠯᠪᠡ᠃ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ | ᠪᠣᠯᠣᠨ ᠡᠯᠧᠮᠧᠨ᠋ᠲ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠬᠤᠳᠠ ᠶᠢᠨ ᠤᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ ᠵᠡᠷᠭᠡ ᠲᠠᠯ᠎ᠠ ᠳᠤ ᠭᠦᠢᠴᠡᠳ | ᠢᠯᠡᠷᠡᠭᠦᠯᠵᠦ᠂ ︽ᠬᠠᠳᠤᠨ ᠭᠤᠣᠯ ᠤᠨ ᠰᠦᠭ ᠰᠦᠨᠡᠰᠦ︾᠂ ︽ᠤᠷᠳᠤ ᠴᠠᠭᠠᠨ ᠬᠡᠷᠡᠮ︾᠂ ︽ᠪᠣᠭᠤᠮᠲᠠ ᠶᠢᠨ ᠪᠠᠷᠠᠭᠤᠨ ᠠᠮᠠ ᠶᠢᠨ ᠤᠯᠠ ᠮᠥᠷ︾᠂ ︽︿ᠪᠣᠷᠣᠳᠣᠬᠤᠢ | ᠬᠥᠮᠥᠨ﹀ ᠤ ᠤᠯᠠ ᠮᠥᠷ ᠢᠶᠠᠷ︾᠂ ︽ᠭᠦᠭᠡᠬᠤᠲᠠ ᠶᠢᠨ ᠰᠣᠶᠣᠯ ᠤᠨ ᠤᠯᠠᠮᠵᠢᠯᠠᠯ ᠬᠥᠭᠵᠢᠯᠲᠡ︾ ᠵᠡᠷᠭᠡ ᠨᠢᠭᠡ ᠪᠦᠯᠦᠭ ᠥᠪᠥᠷ ᠮᠣᠩᠭᠤᠯ ᠤᠨ ᠭᠠᠵᠠᠷ ᠣᠷᠣᠨ ᠤ | ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠰᠣᠶᠣᠯ ᠤᠨ | ᠤᠬᠠᠭᠤᠯᠭ᠎ᠠ ᠶᠢᠨ ᠪᠦᠲᠦᠭᠡᠭᠳᠡᠬᠦᠨ ᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠡᠩ | ᠣᠶᠢᠯᠠᠭᠠᠨ ᠮᠡᠳᠡᠷᠡᠭᠦᠯᠬᠦ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ | ᠰᠢᠵᠢᠮ ᠪᠤᠯᠭᠠᠵᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠸᠠ ᠬᠡᠦᠬᠡᠳ ᠤᠨ ᠴᠡᠴᠡᠷᠯᠢᠭ ᠲᠤ ︽ᠠᠨᠠᠷ ᠤᠨ ᠦᠷ᠎ᠡ ᠬᠥᠮᠥᠨ ᠬᠥᠮᠥᠵᠢᠭᠦᠯᠬᠦ ᠪᠠᠭ᠎ᠠ ᠬᠢᠴᠢᠶᠡᠯ ᠤᠨ ᠲᠠᠩᠬᠢᠮ︾ | ᠭᠠᠷᠭᠠᠵᠤ᠂ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠠᠨᠠᠷ ᠤᠨ ᠴᠡᠴᠡᠭ | ᠳᠡᠯᠭᠡᠷᠡᠨᠡᠮ︾᠂ ︽ᠭᠡᠷ ᠣᠷᠣᠨ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ | ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠭᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ | ︽ᠳᠥᠷᠪᠡᠨ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠮᠢᠳᠤᠯᠢᠭ ᠢᠶᠠᠷ | ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠲᠤᠮ ᠪᠠᠬᠢᠵᠢᠵᠦ᠂ ᠶᠠᠭ | ᠠᠭᠠᠷ ᠸᠠ ᠨᠡᠷᠡᠨ ᠤ ᠭᠡᠷᠡᠯ ᠰᠢᠭ ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠰᠠᠨᠠᠭ᠎ᠠ ᠶᠢ ᠤᠮᠳᠠᠯᠠᠵᠤ ᠪᠠᠶᠢᠨ᠎ᠠ᠃ | ᠣᠯᠠᠨ ᠡᠰᠢᠲᠦ ᠨᠢᠭᠡ ᠴᠣᠭᠴᠠᠵᠢᠭᠰᠠᠨ᠂ ᠣᠨᠴᠠᠯᠢᠭ ᠰᠢᠨᠵᠢ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ ᠬᠠᠩᠭᠢᠨᠠᠭᠤᠯᠪᠠ᠃ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯ ᠤᠨ ᠰᠣᠶᠣᠯ᠂ | ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ ᠭᠡᠯᠪᠡᠷᠢ ᠶᠢ | ᠰᠢᠰᠲ᠋ᠧᠮ ᠲᠠᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ | ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠵᠡᠷᠭᠡ ᠴᠠᠭ ᠦᠶ᠎ᠡ ᠶᠢᠨ ᠱᠠᠭᠠᠷᠳᠠᠯᠭ᠎ᠠ ᠶᠢ ᠠᠭᠤᠰᠤᠯᠴᠠᠭᠤᠯᠵᠤ᠂ ᠤᠮᠠᠷᠠᠲᠤ ᠬᠢᠯᠢ ᠶᠢᠨ | ᠰᠣᠶᠣᠯ ᠢ ᠪᠦᠭᠦ ᠬᠦᠴᠦ ᠪᠠᠷ ᠢᠶᠠᠨ ᠪᠦᠲᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ ᠨᠢᠭᠲᠠᠷᠠᠭᠤᠯᠵᠤ᠂ ᠪᠦᠯᠬᠦᠮᠳᠡᠨ | ᠲᠡᠮᠡᠴᠡᠬᠦ ᠤᠶᠤᠨ ᠰᠠᠨᠠᠭᠠᠨ ᠤ ᠬᠤᠯᠪᠣᠭᠠᠰᠤ ᠶᠢ ᠪᠠᠲᠤ ᠰᠦᠯᠵᠢᠪᠡ᠃ ᠨᠢᠳᠤᠨᠤᠨ ᠠᠴᠠ ᠨᠠᠭᠠᠰᠢ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠢ | ᠪᠠᠶᠢᠭᠤᠯᠵᠤ᠂ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠪᠣᠯᠣᠨ ︽ᠤᠮᠠᠷᠠᠲᠤ ᠬᠢᠯᠢ ᠶᠢᠨ ᠤᠯᠠ ᠮᠥᠷ—ᠳᠤᠮᠳᠠᠳᠤ ᠶᠢᠨ ᠪᠣᠯᠪᠠᠰᠤᠨ ᠤ | ᠲᠣᠪᠣᠶᠢᠮ᠎ᠠ ᠣᠨᠴᠠᠯᠢᠭ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠡᠷᠭᠢᠯᠡᠵᠤ᠂ ︽ᠨᠣᠮᠢᠨ ᠨᠣᠭᠤᠭᠠᠨ ᠣᠷᠳᠣ ᠴᠠᠭᠠᠨ ᠬᠡᠷᠡᠮ︾᠂ | ︽ᠤᠯᠠᠭᠠᠨᠮᠥ᠋ᠴᠢᠷ ᠬᠢᠯᠢ ᠬᠢᠵᠠᠭᠠᠷ ᠢᠶᠠᠷ ᠠᠶᠠᠯᠠᠨ ᠲᠤᠬᠯᠠᠯᠳᠠ ᠭᠠᠷᠭᠠᠬᠤ︾ ᠸᠠ ︽ᠲᠠᠯ᠎ᠠ ᠨᠤᠲᠤᠭ ᠠᠴᠠ ᠤᠶᠠᠩᠭ᠎ᠠ ᠳᠠᠭᠤᠤ ᠴᠤᠤᠷᠢᠶᠠᠲᠤᠨ᠎ᠠ︾᠂ ︽ᠮᠢᠩᠭᠠᠨ ᠣᠨ ᠤ | ᠵᠣᠣ ᠵᠢᠶᠦ᠋ᠨ ᠪᠣᠭᠤᠮᠲᠠ ᠶᠢᠨ ᠭᠠᠳᠠᠨᠠᠬᠢ ᠬᠠᠶᠢᠷ᠎ᠠ︾ ᠵᠡᠷᠭᠡ ᠨᠢᠭᠡ ᠪᠦᠯᠦᠭ ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠤᠷᠳᠤ ᠴᠠᠭᠠᠨ ᠬᠡᠷᠡᠮ | ᠪᠣᠯᠣᠨ ᠬᠠᠳᠤᠨ ᠭᠤᠣᠯ ᠤᠨ ᠥᠪᠥᠷ ᠮᠣᠩᠭᠤᠯ ᠳᠠᠬᠢ ᠲᠠᠪᠤ ᠤᠳᠠᠭ᠎ᠠ ᠶᠢᠨ ᠠᠭᠤᠯᠵᠠᠯᠲᠠ︾ ᠰᠢᠷᠢᠰ ᠮᠡᠳᠡᠭᠡᠯᠡᠯ ᠥᠷᠨᠢᠭᠦᠯᠵᠦ᠂ ᠤᠮᠠᠷᠠᠲᠤ ᠬᠢᠯᠢ ᠶᠢᠨ ᠡᠬᠡ ᠭᠠᠵᠠᠷ | ᠳᠡᠭᠡᠷᠡᠬᠢ ᠳᠤᠮᠳᠠᠳᠤ ᠶᠢᠨ ᠪᠣᠯᠪᠠᠰᠤᠨ ᠤ ︽ᠲᠠᠪᠤᠨ ᠲᠣᠪᠣᠶᠢᠮ᠎ᠠ ᠣᠨᠴᠠᠯᠢᠭ︾ ᠤᠨ ᠲᠡᠦᠬᠡ ᠶᠢ ᠪᠦᠭᠦ ᠲᠠᠯ᠎ᠠ ᠪᠠᠷ ᠢᠯᠡᠷᠡᠭᠦᠯᠬᠦ ᠪᠠᠷ ᠳᠠᠮᠵᠢᠨ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠲᠤᠬᠠᠢ | ᠣᠶᠢᠯᠠᠭᠠᠯᠲᠠ ᠪᠠ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠣᠳᠣᠬᠠᠨ ᠳᠤ᠂ ᠶᠠᠭ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠢ | ᠪᠦᠲᠦᠭᠡᠨ ᠪᠠᠶᠢᠭᠤᠯᠵᠤ᠂ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠯᠢᠭᠡᠷ︾᠂ ︽ᠮᠣᠩᠭᠤᠯ | ᠮᠣᠷᠢᠨ ᠤ ᠵᠣᠷᠢᠭ ᠰᠠᠨᠠᠭᠠᠨ ᠤ ᠰᠤᠳᠤᠯᠭᠠᠨ︾ ᠵᠡᠷᠭᠡ ᠰᠢᠷᠢᠰ ᠨᠣᠮ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ | ᠮᠠᠲ᠋ᠧᠷᠢᠶᠠᠯ ᠤᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠸᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠪᠠᠶᠠᠷᠯᠠᠭᠤᠰᠢᠲᠠᠢ ᠠᠮᠵᠢᠯᠲᠠ ᠣᠯᠪᠠ᠃ | 2023 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠶᠢᠨ ᠲᠣᠭᠤᠷᠢᠨ ᠳᠤ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ᠂ ᠤᠯᠤᠰ ᠤᠨ ᠴᠢᠬᠤᠯᠠ ᠡᠨᠧᠷᠭᠢ ᠸᠠ ᠪᠠᠶᠢᠯᠳᠤᠬᠤ ᠪᠣᠳᠣᠯᠭ᠎ᠠ ᠶᠢᠨ ᠡᠬᠢ ᠤᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ 6 ᠠᠬᠢᠭᠤᠯᠬᠤ ᠳᠦᠷᠢᠮ ᠢ ᠲᠣᠭᠲᠠᠭᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠵᠤ᠂ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ | ᠰᠣᠨᠣᠰᠴᠤ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ᠂ ᠬᠢᠯᠢ ᠬᠢᠵᠠᠭᠠᠷ ᠣᠷᠣᠨ ᠢ | ᠬᠥᠭᠵᠢᠭᠦᠯᠵᠦ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠯᠤᠭ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠵᠡᠷᠭᠡ 7 ᠲᠠᠯ᠎ᠠ ᠪᠠᠷ ᠵᠢᠱᠢᠶᠡᠴᠢ ᠪᠤᠯᠬᠤ | ᠬᠠᠷᠠᠯᠲᠠ ᠡᠭᠦᠷᠭᠡ ᠶᠢ ᠳᠤᠷᠠᠳᠴᠤ᠂ ᠵᠢᠯ ᠤᠨ ᠡᠴᠦᠰ ᠲᠤ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ | ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠪᠦᠬᠦᠢ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ | ᠬᠡᠷᠡᠭᠵᠢᠭᠦᠯᠪᠡ᠃ ᠬᠤᠶᠠᠷ ᠶᠡᠭᠡ ᠶᠠᠪᠤᠳᠠᠯ ᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠬᠦᠷᠢᠶᠡᠨ ᠳᠤ ᠦᠯᠡᠮᠵᠢ ᠦᠷ᠎ᠡ ᠪᠦᠲᠦᠭᠡᠯ ᠣᠯᠪᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠭᠤᠣᠯ ᠬᠦᠴᠦᠨ | ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠲᠤᠰᠬᠠᠢ ᠠᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠥᠯᠦᠪᠵᠢᠭᠦᠯᠭᠡ ᠸᠠ ᠬᠡᠷᠡᠭᠵᠢᠭᠦᠯᠬᠦ | ᠲᠥᠰᠥᠯ ᠲᠣᠭᠲᠠᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠵᠤ᠂ 2023 ᠣᠨ ᠳᠤ 556 ᠲᠦᠮᠡᠨ ᠮᠦ ᠣᠶᠢᠵᠢᠭᠤᠯᠵᠤ᠂ | 1817 ᠲᠦᠮᠡᠨ ᠮᠦ ᠡᠪᠡᠰᠦ ᠳᠠᠷᠢᠵᠤ᠂ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ 2024 ᠣᠨ ᠳᠤ ᠡᠯᠡᠰᠦᠷᠬᠡᠭᠵᠢᠭᠰᠡᠨ | ᠭᠠᠵᠠᠷ ᠰᠢᠷᠣᠢ ᠶᠢ 1500 ᠲᠦᠮᠡᠨ ᠮᠦ ᠠᠴᠠ ᠳᠡᠭᠡᠭᠰᠢ ᠵᠠᠰᠠᠬᠤ ᠪᠠᠷ ᠲᠥᠯᠥᠪᠯᠡᠵᠦ᠂ 1—2 ᠵᠢᠯ ᠬᠡᠷᠡᠭᠯᠡᠵᠦ ᠪᠠᠶᠢᠭᠠᠳ ᠡᠭᠦᠷᠭᠡ ᠪᠠᠷ ᠨᠡᠯᠢᠶᠡᠳ ᠪᠠᠭ᠎ᠠ | ᠬᠤᠰᠢᠭᠤ ᠰᠢᠶᠠᠨ ᠳᠤ ᠪᠦᠭᠦᠨ ᠢ ᠵᠠᠰᠠᠵᠤ ᠳᠠᠭᠤᠰᠬᠠᠬᠤ ᠪᠠᠷ ᠴᠢᠷᠮᠠᠶᠢᠵᠤ᠂ 2030 ᠣᠨ ᠪᠤᠯᠬᠤ ᠳᠤ 9704 ᠲᠦᠮᠡᠨ ᠮᠦ ᠡᠯᠡᠰᠦ ᠶᠢ ᠵᠠᠰᠠᠬᠤ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ︽ᠬᠠᠪᠲᠠᠰᠤᠨ ᠳᠡᠭᠡᠷ᠎ᠡ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ ᠬᠠᠪᠲᠠᠰᠤᠨ ᠬᠤᠭᠤᠷᠣᠨᠳᠤ ᠲᠡᠵᠢᠭᠡᠨ | ᠦᠷᠡᠵᠢᠭᠦᠯᠬᠦ︾ ᠵᠡᠷᠭᠡ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠵᠢᠯ ᠤᠨ ᠳᠣᠲᠣᠷ᠎ᠠ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠷ ᠲᠡᠮᠵᠢᠨ | 230 ᠲᠦᠮᠡᠨ ᠮᠦ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ᠎ᠠ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠭᠤᠷᠪᠠᠨ ᠶᠡᠭᠡ | ᠬᠠᠮᠠᠭᠠᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠢᠩᠰᠢᠶᠠ᠂ ᠱᠠᠨ ᠰᠢ᠂ ᠱᠠᠨᠰᠢ | ᠯᠤᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠶᠢ ᠪᠠᠶᠢᠭᠤᠯᠵᠤ᠂ ᠪᠦᠭᠦ | ᠤᠯᠤᠰ ᠤᠨ ᠠᠩᠬᠠᠳᠠᠭᠴᠢ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ︽ᠡᠯᠡᠰᠦ ᠶᠢ ᠬᠠᠰᠢᠵᠤ ᠤᠰᠤ ᠶᠢ ᠰᠣᠯᠢᠬᠤ︾ | ᠲᠤᠷᠰᠢᠯᠲᠠ ᠶᠢᠨ ᠴᠡᠭ ᠤᠨ ᠢᠨᠵᠧᠨᠧᠷᠢᠩ ᠢ ᠪᠠᠶᠢᠭᠤᠯᠤᠨ᠂ 2023 ᠣᠨ ᠤ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠠᠴᠠ | ᠰᠢᠯᠭᠠᠨ ᠤᠠᠶᠢᠴᠠᠭᠠᠭᠰᠠᠨ ᠤᠰᠤᠨ ᠤ ᠣᠭᠲᠣᠯᠣᠭᠠᠰᠤ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ᠂ ᠠᠭᠠᠷ ᠮᠠᠨᠳᠠᠯ ᠤᠨ PM2.5 ᠶᠢᠨ ᠥᠳᠬᠡᠴᠡ ᠪᠠ | ᠬᠦᠨᠳᠦ ᠪᠤᠬᠢᠷᠳᠤᠯᠲᠤ ᠡᠳᠦᠷ ᠤᠨ ᠲᠤᠭ᠎ᠠ ᠨᠢ ᠴᠥᠮ ᠤᠯᠤᠰ ᠤᠨ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ ︽ᠤᠰᠤᠨ ᠪᠣᠯᠣᠷ ᠭᠤᠣᠯ ᠲᠤᠨᠤᠯᠵᠠᠨ | ᠤᠷᠤᠰᠤᠭᠠᠳ︾᠂ ︽ᠥᠩᠭᠡ ᠶᠢᠨ ᠴᠡᠴᠡᠭ ᠰᠣᠯᠣᠩᠭᠠᠷᠠᠨ ᠳᠡᠯᠭᠡᠷᠡᠭᠰᠡᠨ︾ ᠭᠤᠶᠤ ᠦᠵᠡᠮᠵᠢ ᠳᠠᠩᠳᠠ ᠢᠯᠡᠷᠡᠬᠦ ᠪᠣᠯᠪᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠵᠤ | ᠬᠢᠯᠢ ᠬᠢᠵᠠᠭᠠᠷ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ | ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠰᠠᠶᠢᠲᠤᠷ ᠰᠠᠬᠢᠪᠠ᠃ ᠰᠢᠨ᠎ᠡ ᠭᠡᠯᠪᠡᠷᠢ ᠶᠢᠨ ᠬᠢᠯᠢ ᠬᠠᠮᠠᠭᠠᠯᠠᠬᠤ | ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ | ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2023 ᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠤᠨ ᠵᠦᠢᠯᠡᠰ ᠠᠷᠠᠳ ᠤᠨ | ᠠᠮᠢᠳᠤᠷᠠᠯ ᠤᠨ ᠵᠦᠢᠯᠡᠰ ᠢ 2.9 ᠲᠦᠮᠡ ᠭᠠᠷᠤᠢ ᠬᠤᠪᠢ ᠣᠷᠣᠯᠠᠨ ᠭᠦᠢᠴᠡᠳᠬᠡᠵᠦ ᠥᠭᠭᠦᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 90% ᠠᠴᠠ | ᠳᠡᠭᠡᠭᠰᠢ ᠳᠤ ᠬᠦᠷᠴᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 99.04% ᠳᠤ ᠭᠦᠷᠪᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ | ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠠᠶᠤᠯᠲᠠᠢ ᠬᠢᠮᠢ ᠶᠢᠨ | ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠣᠬᠢᠷᠠᠭᠤᠯᠤᠨ ᠪᠠᠶᠢᠭᠤᠯᠵᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ | ᠬᠤᠷᠢᠭᠯᠠᠬᠤ 135 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠨ | ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ 2023 ᠣᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠣᠯᠣᠨ | ᠠᠳᠡᠭᠰᠡᠨ ᠬᠥᠮᠥᠨ ᠤ ᠲᠤᠭ᠎ᠠ ᠲᠤᠰ ᠲᠤᠰ 22.8%᠂ 12.9% ᠪᠠᠷ ᠪᠠᠭᠤᠷᠠᠵᠤ᠂ 2024 ᠣᠨ ᠤ ᠲᠦᠷᠦᠭᠦᠦ 5 ᠰᠠᠷ᠎ᠠ ᠳᠤ ᠲᠤᠰ ᠲᠤᠰ 41.3%᠂ 32. | 5% ᠪᠠᠷ ᠪᠠᠭᠤᠷᠠᠪᠠ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢ | ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ | ᠠᠬᠢᠭᠤᠯᠵᠤ᠂ ᠰᠢᠨ᠎ᠡ ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠳᠠᠪᠠᠭᠤᠯᠢᠭ ᠪᠠ ᠬᠠᠮ ᠳᠠᠪᠠᠭᠤᠯᠢᠭ ᠢ ᠲᠠᠰᠤᠷᠠᠯᠳᠠ ᠦᠭᠡᠢ ᠶᠡᠬᠡᠰᠬᠡᠵᠦ᠂ ᠤᠯᠤᠰ ᠤᠨ | ᠡᠨᠧᠷᠭᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ 2023 ᠣᠨ ᠳᠤ 12.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 9. | 45 ᠳ᠋ᠦᠩᠰᠢᠭᠤᠷ ᠲᠣᠨ ᠤ ᠬᠠᠩᠭᠠᠯᠭ᠎ᠠ ᠶᠢ ᠪᠠᠲᠤᠯᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ | 7566 ᠳ᠋ᠦᠩᠰᠢᠭᠤᠷ ᠭᠷᠡᠳᠦ᠋ᠰ ᠤᠨ ᠴᠠᠭᠢᠯᠭᠠᠨ ᠭᠠᠷᠭᠠᠵᠤ᠂ 3065 ᠳ᠋ᠦᠩᠰᠢᠭᠤᠷ ᠭᠷᠡᠳᠦ᠋ᠰ ᠴᠠᠭᠢᠯᠭᠠᠨ ᠢ ᠭᠠᠳᠠᠭᠰᠢ ᠬᠦᠷᠭᠡᠵᠦ᠂ 29 ᠮᠤᠵᠢ ᠣᠷᠣᠨ ᠤ | ᠡᠨᠧᠷᠭᠢ ᠶᠢᠨ ᠬᠡᠷᠡᠭᠴᠡᠭᠡ ᠶᠢ ᠪᠠᠲᠤᠯᠠᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ᠂ ᠡᠭᠦᠨ ᠳᠤ 404 ᠲᠦᠮᠡᠨ ᠺᠢᠯᠣᠸᠠᠲ ᠤᠨ ᠰᠢᠨ᠎ᠡ ᠭᠡᠯᠪᠡᠷᠢ ᠶᠢᠨ ᠡᠨᠧᠷᠭᠢ | ᠨᠥᠭᠡᠴᠡᠯᠡᠬᠦ ᠮᠠᠰᠢᠨ ᠴᠣᠭᠴᠠᠯᠠᠪᠤᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠨᠡ ᠵᠢᠯ ᠤᠨ ᠡᠴᠦᠰ ᠲᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1. | 35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ | ᠨᠥᠭᠡᠴᠡᠯᠡᠬᠦ ᠬᠡᠪᠴᠢᠶ᠎ᠡ 1000 ᠲᠦᠮᠡᠨ ᠺᠢᠯᠣᠸᠠᠲ ᠲᠤ ᠬᠦᠷᠬᠦ ᠪᠣᠯᠣᠨ᠎ᠠ᠃ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠰᠠᠭᠤᠷᠢᠨ ᠪᠠ ᠪᠦᠭᠦ ᠳᠡᠯᠡᠬᠡᠢ ᠳᠤ ᠲᠦᠷᠦᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ 30 ᠠᠵᠤ | ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠬᠡᠷᠡᠭᠯᠡᠯᠲᠡ ᠳᠤ ᠪᠦᠭᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ᠂ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ | ᠬᠡᠮᠵᠢᠶ᠎ᠡ ᠲᠣᠰ ᠲᠣᠰ ᠪᠦᠭᠦ ᠤᠯᠤᠰ ᠤᠨ 30% ᠸᠠ 40% ᠠᠴᠠ ᠳᠡᠭᠡᠭᠰᠢ ᠶᠢ ᠡᠵᠡᠯᠡᠵᠦ᠂ 2023 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ | ᠨᠡᠮᠡᠭᠳᠡᠯ ᠥᠷᠲᠡᠭ 21% ᠪᠠᠷ ᠨᠡᠮᠡᠭᠳᠡᠪᠡ᠃ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ | ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠪᠣᠭᠤᠮᠢ ᠪᠣᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ ᠤᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠭᠦᠨ ᠤᠰᠤ ᠠᠷᠪᠢᠯᠠᠬᠤ ᠶᠢ ᠴᠢᠩᠭᠠᠳᠬᠠᠵᠤ᠂ ᠦᠷ᠎ᠡ ᠶᠢᠨ ᠦᠢᠯᠡᠰ᠂ ᠰᠦ ᠶᠢᠨ ᠦᠢᠯᠡᠰ᠂ | ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ 2023 ᠣᠨ ᠤ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ | ᠵᠢᠩ ᠳᠤ ᠬᠦᠷᠴᠦ᠂ ᠤᠨᠠᠯᠲᠠ 11.5 ᠳ᠋ᠦᠩᠰᠢᠭᠤᠷ ᠵᠢᠩ ᠨᠡᠮᠡᠭᠳᠡᠨ᠂ ᠭᠠᠳᠠᠭᠰᠢ 500 ᠳ᠋ᠦᠩᠰᠢᠭᠤᠷ ᠵᠢᠩ ᠠᠴᠠ ᠳᠡᠭᠡᠭᠰᠢ ᠰᠢᠯᠵᠢᠭᠦᠯᠪᠡ︔ ᠮᠢᠬᠠᠨ ᠤ ᠵᠦᠢᠯ᠂ | ᠰᠦ ᠶᠢᠨ ᠭᠠᠷᠤᠯᠲᠠ ᠲᠣᠰ ᠲᠣᠰ 57 ᠳ᠋ᠦᠩᠰᠢᠭᠤᠷ ᠵᠢᠩ ᠪᠠ 158.5 ᠳ᠋ᠦᠩᠰᠢᠭᠤᠷ ᠵᠢᠩ ᠳᠤ ᠬᠦᠷᠴᠦ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ | ᠨᠠᠷᠠᠲᠤ ᠰᠢᠯᠢᠳᠡᠭ ᠣᠨᠴᠠ ᠰᠢᠨ᠎ᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠦᠭᠦ ᠤᠯᠤᠰ ᠲᠤ ᠲᠦᠷᠦᠭᠦᠯᠡᠪᠡ᠃ | ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ︽ᠵᠠᠭᠤᠨ ᠰᠢᠶᠠᠩ ᠮᠢᠩᠭᠠᠨ ᠲᠣᠰᠬᠤᠨ | ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠶᠢᠨ ᠦᠢᠯᠡᠰ᠂ ᠲᠥᠮᠥᠰᠥ ᠶᠢᠨ ᠤᠯᠤᠰ ᠤᠨ ᠲᠡᠰ ᠤᠨ 2 ᠠᠵᠤ ᠦᠢᠯᠡᠰ ᠤᠨ | ᠪᠦᠯᠦᠭᠵᠢᠯ ᠪᠠ ᠤᠯᠤᠰ ᠤᠨ ᠲᠡᠰ ᠤᠨ 3 ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 1.5 ᠲᠦᠮᠡᠨ ᠮᠥᠬᠦᠯᠢᠭ ᠰᠠᠨᠰᠠᠷ ᠤᠨ ᠲᠥᠮᠥᠰᠥ ᠶᠢᠨ ᠦᠷ᠎ᠡ ᠶᠢ | ᠲᠤᠷᠰᠢᠨ ᠲᠠᠷᠢᠵᠤ᠂ ᠪᠦᠭᠦ ᠤᠯᠤᠰ ᠤᠨ ᠠᠩᠬᠠᠳᠠᠭᠴᠢ ᠰᠦ ᠶᠢᠨ ᠦᠢᠯᠡᠰ ᠤᠨ ᠪᠥᠭᠡᠮ ᠲᠠᠸᠠᠷ ᠤᠨ ᠠᠷᠠᠯᠵᠢᠶᠠᠨ ᠤ ᠲᠠᠪᠴᠠᠩ ᠢ ᠡᠬᠢᠯᠡᠨ ᠠᠵᠢᠯᠯᠠᠭᠤᠯᠵᠤ᠂ ᠢᠯᠢ᠂ | ᠮᠧᠩ ᠨᠢᠦ ᠶᠢᠨ ᠡᠵᠡᠩᠨᠡᠯᠲᠡ ᠶᠢᠨ ᠣᠷᠣᠯᠭ᠎ᠠ ᠲᠤᠰ ᠲᠤᠰ ᠪᠦᠭᠦ ᠪᠥᠮᠪᠥᠷᠴᠡᠭ ᠤᠨ ᠰᠦ ᠶᠢᠨ ᠠᠵᠤ ᠠᠬᠤᠶᠢᠯᠠᠯ ᠤᠨ 5 ᠳ᠋ᠤᠭᠠᠷ ᠸᠠ 8 ᠳ᠋ᠤᠭᠠᠷ ᠲᠤ ᠣᠷᠣᠪᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠤᠡᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠯ᠎ᠡ ᠱᠠᠲᠤᠨ ᠤ ᠬᠢᠨ ᠢ ᠬᠥᠲᠥᠯᠥᠨ | ᠵᠢᠯᠤᠭᠤᠳᠴᠤ ᠨᠡᠭᠡᠭᠡᠯᠲᠡᠲᠤ ᠬᠥᠭᠵᠢᠯᠲᠡ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ | ᠲᠠᠶᠢᠴᠢᠯᠠᠨ ᠨᠥᠯᠥᠭᠡᠯᠡᠭᠰᠡᠨ᠂ ᠡᠬᠢ ᠤᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠭᠦ ᠣᠷᠣᠨ | ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠪᠠ᠃ 2023 ᠣᠨ ᠳᠤ ᠳᠣᠲᠣᠭᠠᠳᠤ ᠨᠡᠭᠡᠭᠡᠯᠲᠡ ᠰᠢᠨ᠎ᠡ ᠠᠯᠬᠤᠮ ᠢ ᠠᠯᠬᠤᠵᠤ᠂ | ᠤᠡᠭᠡᠵᠢᠩ ᠬᠤᠲᠠ ᠯᠤᠭ᠎ᠠ ᠪᠦᠭᠦ ᠲᠠᠯ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠤᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠣᠷᠣᠭᠤᠯᠤᠨ ᠠᠪᠴᠢᠷᠠᠭᠰᠠᠨ ᠪᠡᠯᠡ | ᠮᠥᠩᠭᠦ 40.2% ᠢᠶᠠᠷ ᠨᠡᠮᠡᠭᠳᠡᠪᠡ︔ ᠭᠠᠳᠠᠭᠠᠳᠤ ᠨᠡᠭᠡᠭᠡᠯᠲᠡ ᠰᠢᠨ᠎ᠡ ᠠᠬᠢᠴᠠ ᠲᠠᠢ ᠪᠣᠯᠵᠤ᠂ ᠪᠦᠭᠦ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ | ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ ᠰᠢᠨᠡᠳᠬᠡᠵᠦ᠂ ᠨᠠᠭᠠᠰᠢ ᠴᠠᠭᠠᠰᠢ | ᠶᠠᠪᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 429 ᠴᠤᠪᠤᠭ᠎ᠠ ᠳᠤ ᠬᠦᠷᠴᠦ᠂ 73.7% ᠪᠠᠷ ᠨᠡᠮᠡᠭᠳᠡᠵᠦ᠂ ᠮᠠᠰᠢᠨ ᠴᠠᠭᠢᠯᠭᠠᠨ ᠤ | ᠦᠢᠯᠡᠳᠬᠦᠨ ᠤ ᠭᠠᠳᠠᠭᠠᠳᠤ ᠭᠠᠷᠭᠠᠯᠲᠠ 118.9% ᠪᠠᠷ ᠨᠡᠮᠡᠭᠳᠡᠵᠦ᠂ ᠴᠠᠭᠢᠯᠭᠠᠨ ᠭᠦᠳᠡᠯᠭᠡᠭᠦᠷᠲᠦ ᠬᠥᠮᠥᠨ ᠰᠠᠭᠤᠯᠭᠠᠭᠰᠠᠨ ᠮᠠᠰᠢᠨ ᠲᠡᠷᠭᠡ ᠵᠡᠷᠭᠡ ︽ᠰᠢᠨ᠎ᠡ | ᠭᠤᠷᠪᠠᠨ ᠵᠦᠢᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠭᠢᠨ ᠨᠡᠮᠡᠭᠳᠡᠪᠡ᠃ ᠮᠠᠨᠵᠤᠤᠷ ᠪᠣᠭᠤᠮᠲᠠ ᠶᠢᠨ ᠳᠤᠮᠳᠠᠳᠤ ᠣᠷᠣᠰ ᠤᠨ ᠪᠦᠯᠭᠦᠮ ᠤᠨ | ᠵᠢᠭᠤᠯᠴᠢᠯᠠᠯ ᠤᠨ ᠸᠢᠰᠠ ᠶᠢ ᠬᠠᠷᠢᠯᠴᠠᠨ ᠬᠡᠯᠲᠦᠷᠢᠭᠦᠯᠵᠦ᠂ ᠡᠷᠢᠶᠡᠨ ᠬᠤᠲᠠ ᠵᠡᠷᠭᠡ 5 ᠪᠣᠭᠤᠮᠲᠠ ᠶᠢᠨ 8 ᠰᠠᠭᠤᠳᠠᠯ ᠠᠴᠠ ᠳᠣᠷᠣᠭᠰᠢᠬᠢ ᠵᠢᠵᠢᠭ ᠭᠡᠯᠪᠡᠷᠢ ᠶᠢᠨ | ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠪᠦᠭᠦ ᠲᠠᠯ᠎ᠠ ᠪᠠᠷ ᠰᠡᠷᠭᠦᠭᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠥᠷᠨᠢᠨ ᠬᠥᠭᠵᠢᠪᠡ᠃ ᠳᠤᠮᠳᠠᠳᠤ | ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ ᠭᠤᠣᠯᠳᠠᠯᠭ᠎ᠠ ᠲᠠᠢ | ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠭᠦ᠂ ᠳᠣᠲᠣᠷ ᠭᠠᠵᠠᠷ ᠤᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢᠨ | ᠲᠣᠭᠤᠷᠢᠨ ᠳᠤ ᠨᠢᠭᠡ ᠪᠦᠯᠦᠭ ᠥᠭᠡᠷᠡᠴᠢᠯᠡᠯᠲᠡ ᠸᠠ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠪᠣᠯᠣᠨ ᠵᠢᠳᠬᠦᠯ ᠴᠢᠷᠮᠠᠶᠢᠯᠭ᠎ᠠ ᠶᠢ ᠨᠠᠩ ᠰᠠᠶᠢᠲᠤᠷ ᠢᠯᠡᠷᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠶᠢᠨ ᠵᠡᠷᠭᠡ ᠪᠠᠷ᠂ ᠨᠠᠮ ᠤᠨ ᠪᠠᠶᠢᠭᠤᠯᠤᠯᠲᠠ᠂ ᠠᠷᠠᠳᠴᠢᠯᠠᠯ | ᠬᠠᠤᠯᠢᠵᠢᠯ᠂ ᠠᠷᠠᠳ ᠤᠨ ᠠᠮᠢᠳᠤᠷᠠᠯ ᠸᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠲᠠᠨ ᠦᠰᠦᠭᠲᠦ ᠫᠠᠶᠢᠰᠠ ᠶᠢ ᠨᠠᠩ ᠠᠯᠳᠠᠷᠰᠢᠭᠤᠯᠤᠨ ᠳᠠᠭᠤᠷᠢᠰᠤᠭᠤᠯᠬᠤ ᠪᠠᠷ ᠴᠢᠷᠮᠠᠶᠢᠪᠠ᠃ | ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠦᠷᠳᠡᠯ᠎ᠡ | ᠦᠷᠭᠦᠯᠵᠢᠯᠡᠭᠦᠯᠵᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ | ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠨᠢ ᠤᠮᠠᠷᠠᠲᠤ ᠬᠢᠯᠢ ᠶᠢᠨ ᠡᠬᠡ ᠭᠠᠵᠠᠷ ᠤᠨ ᠬᠠᠮᠤᠭ ᠤᠨ | ᠬᠦᠴᠦᠷᠬᠡᠭ ᠳᠠᠭᠤᠨ ᠪᠣᠯᠪᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠵᠡᠨ ᠬᠥᠮᠥᠨ ᠤ ᠦᠵᠡᠯ ᠤᠬᠠᠮᠰᠠᠷ ᠢ ᠬᠦᠴᠦᠯᠡᠨ ᠬᠥᠭᠵᠢᠭᠡᠵᠦ᠂ | ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠢᠶᠠᠷ ᠱᠠᠩᠨᠠᠨ ᠨᠥᠬᠦᠪᠦᠷᠢ ᠥᠭᠬᠦ᠂ ᠭᠦᠳᠡᠯᠮᠦᠷᠢ ᠦᠢᠯᠡᠴᠢᠯᠡᠭᠡ ᠪᠠᠷ ᠨᠥᠬᠦᠪᠦᠷᠢ ᠥᠭᠬᠦ ᠵᠡᠷᠭᠡ | ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠬᠥᠲᠥᠯᠥᠨ ᠵᠢᠯᠤᠭᠤᠳᠴᠤ᠂ ︽ᠠᠵᠢᠯ ᠶᠠᠪᠤᠳᠠᠯ ᠪᠠᠶᠢᠪᠠᠯ ᠬᠠᠮᠲᠤ ᠪᠠᠷ ᠬᠢᠵᠦ᠂ | ᠬᠦᠴᠢᠷᠳᠡᠯ ᠲᠠᠢ ᠪᠣᠯ ᠬᠠᠮᠲᠤ ᠪᠠᠷ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠶᠢ ᠪᠦᠭᠦ ᠣᠷᠣᠨ ᠤ ᠳᠡᠭᠡᠳᠦ ᠳᠣᠣᠷᠠᠳᠤ ᠱᠠᠲᠤᠨ ᠤ | ᠬᠠᠮᠲᠤ ᠶᠢᠨ ᠲᠠᠨᠢᠯᠲᠠ ᠪᠣᠯᠭᠠᠪᠠ᠃ ᠦᠨᠳᠦᠰᠦᠲᠡᠨ ᠨᠥᠬᠦᠳ ᠤᠨ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠤᠠᠶᠢᠭᠠ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠤᠡᠭᠡᠵᠢᠩ ᠬᠤᠲᠠ ᠶᠢᠨ 358 | ᠰᠤᠷᠭᠠᠭᠤᠯᠢ᠂ 276 ᠡᠮᠨᠡᠯᠭᠡ ᠶᠢᠨ ᠬᠤᠷᠢᠶ᠎ᠠ ᠲᠠᠢ ᠬᠠᠪᠰᠤᠷᠤᠯᠴᠠᠭ᠎ᠠ ᠪᠠᠶᠢᠭᠤᠯᠬᠤ ᠬᠠᠷᠢᠴᠠᠭ᠎ᠠ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ | ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠶᠢ ᠠᠰᠢᠭᠯᠠᠯᠲᠠ ᠳᠤ | ᠣᠷᠣᠭᠤᠯᠵᠤ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ︵ᠲᠥᠪ᠂ ᠥᠷᠲᠡᠭᠡ︶ ᠶᠢ 7000 ᠭᠠᠷᠤᠢ ᠪᠠᠶᠢᠭᠤᠯᠵᠤ | ᠳᠠᠭᠤᠰᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠦᠷᠦᠯ ᠳᠤ ᠠᠩᠬ᠎ᠠ | ᠤᠳᠠᠭ᠎ᠠ ︽ᠠᠳᠠᠯᠢᠬᠠᠨ ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠪᠡ᠃ ᠳᠤᠯᠠᠭᠠᠯᠭ᠎ᠠ ᠶᠢᠨ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ ᠳᠤᠯᠠᠭᠠᠯᠭ᠎ᠠ ᠶᠢᠨ | ᠥᠭᠡᠷᠡᠴᠢᠯᠡᠯᠲᠡ ᠶᠢᠨ 880 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ | ᠳᠤᠯᠠᠭᠠᠯᠭ᠎ᠠ ᠶᠢᠨ ᠠᠰᠠᠭᠤᠳᠠᠯ ᠢ ᠵᠣᠷᠢᠭ ᠰᠢᠭᠤᠳᠤᠨ ᠲᠤᠶᠢᠯᠪᠤᠷᠢᠲᠠᠢ ᠰᠢᠢᠳᠪᠦᠷᠢᠯᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠤᠠᠷᠢᠮᠵᠢᠶᠠ ᠶᠢ | ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ | ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠪᠡ᠃ ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ ᠰᠠᠭᠤᠷᠢ ᠲᠥᠬᠦᠭᠡᠷᠦᠮᠵᠢ | ᠲᠦᠷᠭᠡᠨ ᠰᠠᠶᠢᠵᠢᠷᠠᠵᠤ᠂ 2023 ᠣᠨ ᠳᠤ 20 ᠬᠢᠯᠢ ᠶᠢᠨ ᠬᠤᠰᠢᠭᠤ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠳᠡᠭᠡᠷ᠎ᠡ ᠵᠢᠯ ᠤᠨ | ᠬᠢ ᠠᠴᠠ 100 ᠳ᠋ᠦᠩᠰᠢᠭᠤᠷ ᠲᠥᠭᠦᠷᠢᠭ ᠰᠢᠬᠠᠮ ᠨᠡᠮᠡᠭᠳᠡᠪᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ | ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ ᠠᠵᠤ ᠠᠬᠤᠶᠢᠯᠠᠯ ᠳᠤ ᠪᠦᠭᠦ | ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠥᠪᠥᠷ ᠮᠣᠩᠭᠤᠯ ᠳᠤ ᠨᠤᠲᠤᠭᠰᠢᠨ᠂ | ᠠᠷᠠᠯᠵᠢᠶᠠᠴᠢᠨ ᠤ ᠤᠷᠮ᠎ᠠ ᠶᠢ ᠨᠢᠭᠲᠠᠷᠠᠭᠤᠯᠵᠤ᠂ ᠬᠥᠮᠥᠰ ᠤᠨ ᠠᠩᠬᠠᠷᠤᠯ ᠢ ᠲᠠᠲᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠦᠷᠭᠡᠨ ᠪᠦᠷᠢᠯᠳᠦᠭᠦᠯᠪᠡ᠃ | ᠡᠭᠦᠨ ᠤ ᠵᠡᠷᠭᠡ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠸᠠ | ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ | ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠤᠯᠤᠰ ᠠᠴᠠ ᠬᠠᠷᠠᠬᠠᠨ ᠬᠥᠭᠵᠢᠭᠡᠳᠦᠢ ᠭᠠᠵᠠᠷ ᠣᠷᠣᠨ᠂ ᠡᠬᠢ ᠤᠠᠶᠠᠯᠢᠭ ᠤᠨ ᠭᠡᠯᠪᠡᠷᠢ ᠶᠢᠨ ᠭᠠᠵᠠᠷ ᠣᠷᠣᠨ᠂ ᠬᠢᠯᠢ | ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃ 2023 ᠣᠨ ᠳᠤ᠂ | ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠬᠥᠮᠥᠨ ᠳᠤᠮᠳᠠᠴᠢ ᠪᠠᠷ 10 ᠲᠦᠮᠡᠨ ᠲᠥᠭᠦᠷᠢᠭ ᠢ | ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9.2% ᠢᠶᠠᠷ | ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ 5.1%᠂ 8% ᠪᠠᠷ ᠨᠡᠮᠡᠭᠳᠡᠵᠦ᠂ | ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠪᠠ᠃ 2024 ᠣᠨ ᠤ | ᠲᠦᠷᠦᠭᠦᠦ 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 15.6% ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ | ᠳᠤᠮᠳᠠ ᠰᠢᠯᠢᠳᠡᠭ ᠢᠶᠠᠷ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ | ᠪᠦᠲᠦᠴᠡ ᠳᠤ ᠲᠣᠬᠢᠷᠠᠭᠤᠯᠤᠯᠲᠠ ᠬᠢᠵᠦ ᠦᠵᠡᠯᠲᠡ ᠲᠠᠨᠢᠯᠲᠠ ᠪᠠᠨ ᠬᠤᠪᠢᠷᠠᠭᠤᠯᠵᠤ ᠰᠤᠷᠲᠠᠯ ᠢᠶᠠᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠠᠭᠠᠵᠢᠮ ᠢᠶᠠᠷ | ᠢᠯᠡᠷᠡᠪᠡ᠃ | ᠤᠷᠳᠤ ᠬᠤᠭᠤᠴᠠᠭᠠᠨ ᠳᠤ ᠬᠤᠷᠠᠮᠳᠤᠵᠤ ᠪᠦᠷᠢᠯᠳᠦᠭᠰᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ | ᠯᠤᠭ᠎ᠠ ᠵᠣᠬᠢᠴᠠᠬᠤ ᠦᠭᠡᠢ ᠪᠦᠲᠦᠴᠡ᠂ ᠦᠵᠡᠯᠲᠡ᠂ ᠰᠤᠷᠲᠠᠯ ᠤᠨ ᠠᠰᠠᠭᠤᠳᠠᠯ ᠳᠤ ᠴᠢᠭᠯᠡᠭᠦᠯᠦᠨ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠴᠢᠨᠠᠭᠰᠢᠳᠠ | ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ᠲᠡᠷᠢᠭᠦᠨ ᠤ ᠬᠢ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠶᠡᠭᠡ ᠬᠦᠴᠦ ᠣᠷᠣᠭᠤᠯᠤᠨ ᠬᠦᠴᠢᠷ | ᠠᠰᠠᠭᠤᠳᠠᠯ ᠢ ᠰᠢᠢᠳᠪᠦᠷᠢᠯᠡᠨ᠂ ᠪᠦᠭᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠥᠷᠭᠡᠨ ᠣᠯᠠᠨ ᠺᠠᠳ᠋ᠷ | ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢᠯᠡᠳᠲᠡ ᠬᠤᠪᠢᠷᠠᠵᠤ᠂ ᠶᠠᠭ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠠᠬᠤ᠂ | ᠠᠵᠢᠯ ᠬᠢᠬᠦ ᠳᠡᠭᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯ ᠬᠢᠬᠦ ᠶᠢ ᠡᠷᠭᠢᠮᠯᠡᠭᠦ ᠰᠠᠶᠢᠨ ᠰᠠᠶᠢᠬᠠᠨ ᠣᠷᠴᠢᠯ ᠳᠤ ᠣᠷᠣᠵᠤ ᠪᠠᠶᠢᠨ᠎ᠠ᠃ | ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠪᠠᠶᠢᠳᠠᠯ ᠢ ᠲᠦᠷᠭᠡᠨ ᠬᠤᠪᠢᠷᠠᠭᠤᠯᠪᠠ᠃ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠪᠠᠷ ᠭᠤᠣᠯᠳᠠᠭᠤᠯᠵᠤ᠂ ︽ᠨᠡᠭᠦᠷᠡᠰᠦ ᠨᠢ ᠡᠬᠢᠨ ᠳᠤ ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ︾᠂ ︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ | ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ ᠪᠠᠶᠢᠬᠤ︾ ᠪᠦᠭᠦ ᠬᠡᠯᠬᠢᠶ᠎ᠡ ᠳᠤ ᠠᠩᠬᠠᠷᠤᠯ ᠢᠶᠠᠨ ᠬᠠᠨᠳᠤᠭᠤᠯᠵᠤ᠂ ᠨᠡᠭᠦᠷᠡᠰᠦ᠂ ᠮᠠᠯ | ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠡᠬᠢ ᠤᠠᠶᠠᠯᠢᠭ ᠤᠨ ᠪᠤᠰᠤ ᠭᠡᠯᠪᠡᠷᠢ ᠶᠢᠨ ᠠᠵᠤ ᠦᠢᠯᠡᠰ ᠢ | ᠶᠡᠭᠡ ᠪᠠᠷ ᠪᠣᠶᠢᠵᠢᠭᠤᠯᠤᠨ ᠬᠥᠭᠵᠢᠭᠦᠯᠵᠦ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠡᠯᠧᠺᠲᠷᠣᠨ | ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 | ᠣᠨ ᠳᠤ ᠨᠡᠭᠦᠷᠡᠰᠦᠨ ᠤ ᠪᠤᠰᠤ ᠠᠵᠤ ᠦᠢᠯᠡᠰ 12.1% ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠠᠴᠠ ᠵᠠᠭᠤᠨ ᠤ ᠬᠠᠷᠢᠴᠠᠯ ᠢᠶᠠᠷ 10.7 ᠬᠤᠪᠢ | ᠥᠨᠳᠥᠷ ᠪᠣᠯᠵᠤ᠂ ᠭᠠᠶᠢᠯᠢ ᠶᠢᠨ ᠣᠷᠣᠯᠭ᠎ᠠ 28.5% ᠪᠠᠷ ᠨᠡᠮᠡᠭᠳᠡᠵᠦ᠂ ᠪᠦᠭᠦ ᠰᠢᠰᠲ᠋ᠧᠮ ᠤᠨ ᠭᠠᠶᠢᠯᠢ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 57. | 6% ᠪᠠᠶᠢᠵᠤ᠂ ᠪᠦᠭᠦᠶᠢᠯᠡ ᠠᠵᠢᠯ ᠲᠦᠷᠦᠯ ᠤᠨ ᠭᠠᠶᠢᠯᠢ ᠳᠠᠬᠢ ᠡᠵᠯᠡᠭᠦ ᠬᠤᠪᠢ ᠶᠢᠨ ᠵᠢᠩ 57.6% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠰᠢᠨ᠎ᠡ ᠬᠥᠳᠡᠯᠭᠡᠭᠦᠷ ᠪᠣᠯᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠠᠬᠢᠭᠤᠯᠵᠤ᠂ ᠥᠪᠥᠷ | ᠮᠣᠩᠭᠤᠯ ᠤᠨ ᠡᠬᠢ ᠪᠠᠶᠠᠯᠢᠭ ᠲᠠᠢ ᠳᠠᠪᠠᠭᠤᠯᠢᠭ ᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠪᠣᠯᠣᠮᠵᠢ ᠲᠠᠢ ᠬᠦᠷᠢᠶ᠎ᠡ ᠴᠠᠷᠠᠭ᠎ᠠ ᠳᠤ | ᠴᠢᠭᠯᠡᠭᠦᠯᠦᠨ ᠲᠥᠪᠯᠡᠷᠡᠩᠭᠦᠢ ᠬᠦᠴᠦᠯᠡᠵᠦ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠡᠨᠧᠷᠭᠢ ᠬᠠᠳᠠᠭᠠᠯᠠᠬᠤ ᠬᠢᠭᠡᠳ ᠣᠶᠤᠨᠴᠢ | ᠴᠠᠭᠢᠯᠭᠠᠨ ᠲᠣᠣᠷ ᠤᠨ ᠮᠡᠷᠭᠡᠵᠢᠯ︾ ᠤᠨ ᠲᠥᠷᠥᠯ ᠵᠦᠢᠯ ᠢ ᠬᠡᠷᠡᠭᠵᠢᠭᠦᠯᠵᠦ᠂ ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠤᠠᠷᠢᠮᠵᠢᠶᠠ ᠶᠢᠨ | ᠲᠣᠮᠣ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯᠴᠢ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ | ᠡᠬᠢᠯᠡᠨ ᠪᠦᠲᠦᠭᠡᠨ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ ᠶᠢ ᠪᠠᠷᠠᠭᠤᠨᠳᠠᠬᠢ ᠳ᠋ᠠᠶᠢᠲ᠋ᠠ ᠪᠠᠷ ᠲᠤᠯᠭᠠᠭᠤᠷᠢᠯᠠᠬᠤ︾ | ᠳ᠋ᠠᠶᠢᠲ᠋ᠠ ᠶᠢᠨ ᠲᠥᠪ ᠤᠨ ᠪᠦᠯᠦᠭᠵᠢᠯ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷ ᠵᠡᠷᠭᠡ ᠲᠥᠷᠥᠯ ᠵᠦᠢᠯ ᠢ | ᠬᠤᠶᠢᠨ᠎ᠠ ᠬᠤᠶᠢᠨ᠎ᠠ ᠠᠴᠠ ᠨᠢ ᠠᠰᠢᠭᠯᠠᠯᠲᠠ ᠳᠤ ᠣᠷᠣᠭᠤᠯᠵᠤ᠂ ᠢᠷᠡᠭᠡᠳᠦᠢ ᠶᠢᠨ ᠠᠵᠤ ᠦᠢᠯᠡᠰ ᠲᠦᠷᠭᠡᠨ ᠪᠦᠷᠢᠯᠳᠦᠵᠦ ᠪᠠᠶᠢᠨ᠎ᠠ᠃ | ᠬᠠᠭᠤᠴᠢᠨ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠴᠢᠨᠠᠭᠰᠢᠳᠠ ᠡᠪᠳᠡᠪᠡ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ | ᠬᠥᠭᠵᠢᠯᠲᠡ ᠶᠢ ᠠᠬᠢᠭᠤᠯᠬᠤ︾ ᠰᠤᠷᠤᠯᠴᠠᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ | ︽ᠳᠣᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ᠤᠢ ᠬᠥᠮᠥᠨ ᠢ ᠬᠦᠷᠬᠦ ᠦᠭᠡᠢ︾ ᠭᠡᠬᠦ ᠣᠶᠢᠯᠠᠭᠠᠭᠳᠠᠬᠤᠨ ᠠᠴᠠ ᠲᠦᠷᠭᠡᠬᠡᠨ ᠰᠠᠯᠵᠤ᠂ ᠲᠡᠷᠢᠭᠦᠨ ᠤ ᠬᠢ ᠶᠢ | ᠡᠭᠦᠳᠴᠦ᠂ ᠳᠠᠭᠤᠷᠢᠶᠠᠯ ᠪᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠠᠭᠤᠷ | ᠠᠮᠢᠰᠬᠤᠯ ᠢ ᠨᠠᠩ ᠭᠦᠨ ᠵᠤᠵᠠᠭᠠᠨ ᠪᠣᠯᠭᠠᠪᠠ᠃ ︽ᠥᠩᠭᠡᠷᠡᠭᠰᠡᠨ ᠳᠤ ᠢᠩᠭᠢᠵᠦ ᠬᠢᠵᠦ ᠪᠠᠶᠢᠭᠰᠠᠨ︾᠂ ︽ᠪᠣᠯᠪᠠᠰᠤᠷᠠᠩᠭᠤᠢ ᠵᠣᠷ ᠦᠭᠡᠢ ᠪᠣᠯ ᠡᠮ ᠥᠭᠬᠦ ᠠᠴᠠ | ᠪᠣᠯᠭᠤᠮᠵᠢᠯᠠᠨ᠎ᠠ︾ ᠭᠡᠬᠦ ᠵᠡᠷᠭᠡ ᠣᠶᠢᠯᠠᠭᠠᠭᠳᠠᠬᠤᠨ ᠠᠷᠭ᠎ᠠ ᠬᠢᠳᠡᠯ ᠢ ᠲᠠᠶᠠᠭᠳᠠᠵᠤ᠂ ᠡᠯ᠎ᠡ ᠱᠠᠲᠤᠨ ᠤ ᠬᠢᠨ ᠤ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ | ᠥᠭᠡᠷᠡᠴᠢᠯᠡᠯᠲᠡ ᠬᠢᠵᠦ ᠪᠠᠶᠢᠬᠤ ᠶᠠᠪᠤᠳᠠᠯ ᠮᠥᠨ︾᠂ ︽ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ | ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠬᠤ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯᠠᠭᠤᠯᠤᠲᠠ ᠶᠢ | ᠰᠢᠯᠢᠳᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠰᠤ ᠶᠢ ᠠᠷᠪᠢᠯᠠᠨ ᠬᠡᠷᠡᠭᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠳᠡᠯᠭᠡᠷᠡᠭᠦᠯᠦᠨ ᠬᠡᠷᠡᠭᠯᠡᠬᠦ᠂ ᠲᠥᠪ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠵᠡᠷᠭᠡ ᠶᠢᠨ ᠲᠣᠭᠤᠷᠢᠨ ᠳᠤ 58 ᠵᠦᠢᠯ ᠤᠨ ᠤᠠᠶᠢᠭᠤᠯᠤᠮᠵᠢ ᠲᠣᠭᠲᠠᠴᠠ ᠶᠢᠨ | ᠰᠢᠨ᠎ᠡ ᠶᠢ ᠡᠭᠦᠳᠦᠭᠰᠡᠨ ᠡᠭᠦᠷᠭᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠤᠠᠶᠢᠭᠠ ᠨᠢᠭᠡ ᠪᠦᠯᠦᠭ ᠲᠦᠭᠵᠢᠷᠡᠯ ᠠᠰᠠᠭᠤᠳᠠᠯ ᠢ ᠲᠦᠷᠭᠡᠨ | ᠰᠢᠢᠳᠪᠦᠷᠢᠯᠡᠪᠡ᠃ ︽ᠨᠢᠳᠦᠨ ᠡᠮᠦᠨᠡᠬᠢ ᠪᠠᠨ ᠬᠠᠷᠠᠭᠠᠳ ᠠᠯᠤᠰ ᠬᠤᠯᠠ ᠶᠢ ᠬᠠᠷᠠᠬᠤ ᠦᠭᠡᠢ︾᠂ ︽ᠦᠢᠯᠡᠳᠪᠦᠷᠢᠯᠡᠬᠦ ᠶᠢ ᠴᠢᠬᠤᠯᠠᠴᠢᠯᠠᠵᠤ ᠡᠵᠡᠩᠨᠡᠬᠦ ᠶᠢ | ᠬᠥᠩᠭᠡᠪᠴᠢᠯᠡᠬᠦ︾ ᠵᠡᠷᠭᠡ ᠰᠡᠳᠬᠢᠬᠦᠢ ᠸᠠ ᠦᠵᠡᠯᠲᠡ ᠶᠢ ᠬᠦᠴᠦᠯᠡᠨ ᠬᠤᠪᠢᠷᠠᠭᠤᠯᠵᠤ᠂ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ᠠᠷᠪᠢᠯᠠᠨ ᠭᠠᠮᠨᠠᠬᠤ | ᠪᠣᠯ ᠳᠠᠷᠤᠢ ᠨᠡᠮᠡᠭᠳᠡᠯ ᠮᠥᠨ᠂ ᠬᠤᠬᠢᠷᠠᠯ ᠢ ᠪᠠᠭᠠᠰᠬᠠᠬᠤ ᠨᠢ ᠳᠠᠷᠤᠢ ᠤᠨᠠᠯᠲᠠ ᠶᠢ ᠨᠡᠮᠡᠭᠳᠡᠭᠦᠯᠵᠦ ᠪᠠᠶᠢᠨ᠎ᠠ᠂ ᠬᠤᠷᠣᠭᠳᠠᠭᠤᠯᠤᠯ ᠢ ᠪᠠᠭᠠᠰᠬᠠᠬᠤ ᠪᠣᠯ ᠳᠠᠷᠤᠢ | ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ︾ ᠭᠡᠬᠦ ᠤᠬᠠᠮᠰᠠᠷ ᠢ ᠴᠢᠩᠭᠠᠳᠬᠠᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ | ᠬᠦᠷᠢᠶᠡᠨ ᠳᠤ ᠠᠷᠪᠢᠯᠠᠬᠤ ᠶᠢ ᠴᠢᠩᠭᠠᠳᠬᠠᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠤᠯᠤᠰ ᠲᠤ | ᠡᠩ ᠲᠡᠷᠢᠭᠦᠨ ᠳᠤ ᠮᠤᠵᠢ ᠶᠢᠨ ᠲᠡᠰ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ | ᠲᠣᠭᠲᠠᠭᠠᠵᠤ᠂ ᠬᠤᠲᠠ ᠤᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠲᠠᠭᠠᠵᠤ᠂ | 2023 ᠣᠨ ᠳᠤ ᠪᠦᠭᠦ ᠣᠷᠣᠨ ᠤ ᠬᠡᠪᠴᠢᠶᠡᠨ ᠳᠤ 14.75 ᠲᠦᠮᠡᠨ ᠮᠦ ᠶᠢᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ | 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠠᠯᠤᠰᠯᠠᠨ | ᠠᠷᠠᠯᠵᠢᠶᠠᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ ᠠᠩᠬ᠎ᠠ ᠤᠳᠠᠭ᠎ᠠ ᠪᠦᠭᠦ | ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ | ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠵᠤ᠂ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ | ᠵᠢᠯ ᠤᠨ ᠬᠢ ᠠᠴᠠ 45% ᠪᠠᠷ ᠪᠠᠭᠠᠰᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ | ᠪᠠᠷ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠨᠡᠩ ᠲᠡᠭᠦᠯᠳᠡᠷ ᠪᠣᠯᠪᠠ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ | ᠭᠦᠨᠵᠡᠭᠡᠢ ᠴᠡᠭᠴᠡᠯᠡᠨ ᠵᠠᠰᠠᠬᠤ 20 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠠᠷᠢᠮᠵᠢᠶ᠎ᠠ ᠶᠢ ᠳᠡᠭᠡᠭᠰᠢᠯᠡᠭᠦᠯᠭᠦ᠂ ᠬᠤᠷᠳᠤᠴᠠ ᠶᠢ ᠳᠡᠭᠡᠭᠰᠢᠯᠡᠭᠦᠯᠭᠦ᠂ | ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠡᠯ᠎ᠡ ᠱᠠᠲᠤᠨ ᠤ ᠬᠢᠨ ᠤ ︽ᠶᠠᠪᠤᠳᠠᠯ ᠢ ᠰᠢᠢᠳᠪᠦᠷᠢᠯᠡᠬᠦ ᠰᠡᠳᠬᠢᠬᠦᠢ︾ ︽ᠶᠠᠪᠤᠳᠠᠯ ᠢ | ᠰᠠᠶᠢᠲᠤᠷ ᠰᠢᠢᠳᠪᠦᠷᠢᠯᠡᠬᠦ ᠰᠡᠳᠬᠢᠬᠦᠢ︾ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ ᠬᠦᠴᠢᠷᠳᠡᠯ ᠢ ᠢᠯᠡᠨ ᠳᠠᠪᠠᠭ᠋ᠤ ᠶᠢ ᠠᠬᠢᠭᠤᠯᠵᠤ᠂ ᠠᠵᠢᠯ ᠤᠨ | ᠳᠤᠮᠳᠠᠬᠢ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠦᠵᠡᠭᠳᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ︽ᠨᠢᠭᠡ ᠶᠠᠪᠤᠳᠠᠯ ᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ︾ ᠶᠢᠨ ᠲᠣᠭᠤᠷᠢᠨ ᠳᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳᠦᠷ ᠲᠤ ︽ᠡᠭᠦᠳᠡ ᠪᠠᠨ ᠬᠠᠭᠠᠬᠤ | ᠦᠭᠡᠢ︾᠂ ᠭᠠᠷᠠᠭ ᠤᠨ ᠰᠡᠭᠦᠯᠴᠢ ᠳᠤ ︽ᠦᠢᠯᠡᠴᠢᠯᠡᠭᠡ ᠪᠠᠨ ᠲᠠᠰᠤᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠤ ᠠᠵᠤ ᠠᠬᠤᠶᠢᠯᠠᠯ ᠸᠠ | ᠣᠯᠠᠨ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠰᠡᠳᠬᠢᠬᠦᠢ ᠸᠠ ᠨᠠᠷᠢᠨ ᠳᠠᠩᠰᠠ ᠪᠤᠳᠤᠬᠤ ᠤᠬᠠᠮᠰᠠᠷ ᠢ | ᠴᠢᠩᠭᠠᠳᠬᠠᠨ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ ᠴᠠᠭ ᠦᠶ᠎ᠡ ᠲᠠᠢ ᠵᠡᠷᠭᠡ ᠪᠠᠷ ᠰᠢᠯᠢᠳᠡᠭᠵᠢᠭᠦᠯᠵᠦ᠂ ᠭᠠᠵᠠᠷ ᠰᠢᠷᠣᠢ ᠶᠢᠨ | ᠭᠦᠢᠴᠡᠳᠬᠡᠯ ᠲᠤᠭ᠎ᠠ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠵᠤ᠂ ᠲᠤᠬᠠᠢ ᠶᠢᠨ | ᠭᠠᠵᠠᠷ ᠤᠨ ᠤᠠᠶᠢᠳᠠᠯ ᠳᠤᠨᠢ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠦᠷᠲᠡᠭ ᠢ ᠪᠠᠭᠤᠷᠠᠭᠤᠯᠵᠤ᠂ ᠨᠠᠮ ᠵᠠᠰᠠᠭ ᠤᠨ | ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠨᠢᠭᠡ ᠬᠤᠪᠢ ᠡᠬᠢ ᠪᠠᠶᠠᠯᠢᠭ ᠪᠠ ᠨᠢᠭᠡ ᠮᠥᠩᠭᠦ ᠵᠣᠭᠤᠰ ᠢ ᠴᠥᠮ ᠬᠠᠮᠤᠭ ᠤᠨ ᠶᠡᠭᠡ | ᠦᠷ᠎ᠡ ᠠᠰᠢᠭ ᠲᠠᠢ ᠪᠣᠯᠭᠠᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠨᠢᠭᠡ ᠠᠴᠠ | ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠲᠠᠯ ᠤᠨ | ᠠᠷᠬᠠᠭ ᠭᠡᠮ ᠢ ᠦᠨᠳᠦᠰᠦᠨ ᠠᠴᠠ ᠨᠢ ᠵᠠᠰᠠᠵᠤ᠂ 1+1+1>3 ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠴᠡᠭᠴᠡᠯᠡᠨ ᠡᠮᠬᠢᠳᠬᠡᠭᠰᠡᠨ ᠡᠬᠡ ᠳᠠᠩᠰᠠ 3/4 ᠰᠢᠬᠠᠮ ᠪᠠᠶᠢᠵᠤ᠂ ᠬᠤᠰᠢᠭᠤ ᠰᠢᠶᠠᠨ ᠭᠦᠷᠲᠡᠯ᠎ᠡ ᠬᠤᠷᠠᠯᠳᠤᠭᠤᠯᠬᠤ ᠬᠤᠷᠠᠯ 1/2 ᠰᠢᠬᠠᠮ ᠪᠠᠭᠠᠰᠴᠤ᠂ | ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ 373 ᠵᠦᠢᠯ ᠪᠠᠶᠢᠭᠰᠠᠨ ᠢ 148 ᠵᠦᠢᠯ ᠪᠣᠯᠭᠠᠨ ᠰᠢᠯᠢᠳᠡᠭᠵᠢᠭᠦᠯᠵᠦ᠂ ︽ᠰᠠᠭᠤᠷᠢ | ᠳ᠋ᠠᠶᠢᠲ᠋ᠠ ᠶᠢᠨ ᠬᠥᠮᠥᠷᠭᠡ︾ ᠪᠣᠯᠣᠨ ︽ᠪᠦᠷᠢᠨ ᠴᠢᠳᠠᠮᠵᠢᠲᠤ ᠬᠦᠰᠦᠨᠦᠭᠲᠦ︾ ᠵᠡᠷᠭᠡ ᠬᠡᠷᠡᠭᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ ᠦᠨᠳᠦᠰᠦᠨ | ᠱᠠᠲᠤᠨ ᠤ ᠬᠦᠰᠦᠨᠦᠭᠲᠦ ᠲᠠᠭᠯᠠᠬᠤ ᠠᠵᠢᠯ ᠤᠯᠠᠨ ᠵᠡᠷᠭᠡ ᠠᠰᠠᠭᠤᠳᠠᠯ ᠢ ᠰᠢᠢᠳᠪᠦᠷᠢᠯᠡᠵᠦ᠂ ᠺᠠᠳ᠋ᠷᠴᠤᠳ ᠨᠡᠩ ᠣᠯᠠᠨ ᠴᠠᠭ ᠪᠣᠯᠣᠨ ᠣᠶᠤᠨ ᠴᠢᠳᠠᠯ ᠢᠶᠠᠨ | ᠵᠠᠷᠤᠴᠠᠭᠤᠯᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠴᠦ ᠳᠡᠶᠢᠯᠭᠦ ᠪᠣᠯᠵᠠᠢ᠃ ︽ᠠᠯᠢᠪᠠ ᠪᠦᠭᠦᠨ ᠳᠤ ᠦᠷ᠎ᠡ ᠳ᠋ᠦᠩ ᠢ ᠦᠵᠡᠬᠦ᠂ ᠪᠣᠳᠠᠲᠤ ᠦᠷ᠎ᠡ | ᠪᠦᠲᠦᠮᠵᠢ ᠪᠠᠷ ᠦᠨᠡᠯᠡᠬᠦ︾ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠵᠥᠪ ᠴᠢᠭᠯᠡᠯ ᠢᠶᠠᠷ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠸᠠ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠦᠢᠯ ᠤᠨ ᠰᠠᠨᠠᠯ ᠢ ᠭᠦᠨᠵᠡᠭᠡᠢ ᠬᠡᠷᠡᠭᠵᠢᠭᠦᠯᠵᠦ᠂ ︽ᠬᠠᠷᠢᠭᠤᠴᠠᠯᠭ᠎ᠠ ᠡᠭᠦᠷᠭᠡᠯᠡᠵᠦ | ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ ᠬᠤᠶᠠᠷ ᠵᠢᠯ ᠳᠠᠷᠠᠭᠠᠯᠠᠨ ᠥᠷᠨᠢᠭᠦᠯᠵᠦ᠂ | ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠡᠭᠡ ᠪᠠᠷ ᠪᠠᠶᠢᠴᠠᠭᠠᠨ ᠰᠤᠳᠤᠯᠤᠯᠲᠠ | ᠬᠢᠬᠦ᠂ ᠠᠰᠠᠭᠤᠳᠠᠯ ᠢ ᠢᠯᠡᠭᠦᠬᠡᠨ ᠪᠣᠳᠣᠯᠬᠢᠯᠠᠬᠤ᠂ ᠠᠰᠠᠭᠤᠳᠠᠯ ᠢ ᠢᠯᠡᠭᠦᠬᠡᠨ ᠰᠤᠳᠤᠯᠬᠤ ᠶᠢ ᠠᠬᠢᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ | ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠵᠣᠭᠰᠣᠯ ᠦᠭᠡᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠵᠠᠢ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠲᠤᠶᠢᠯ ᠢᠶᠠᠷ ᠬᠠᠯᠠᠮᠵᠢᠯᠠᠵᠤ᠂ ᠬᠦᠨᠳᠦ ᠬᠦᠰᠡᠯ ᠨᠠᠶᠢᠳᠠᠯᠭ᠎ᠠ ᠲᠠᠯᠪᠢᠵᠤ ᠪᠤᠢ᠃ ᠪᠢᠳᠡ ᠡᠷᠬᠡᠪᠰᠢ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠥᠪᠥᠷ | ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠪᠣᠳᠠᠲᠠᠢ ᠠᠵᠢᠯ ᠪᠣᠳᠠᠲᠤ ᠠᠮᠵᠢᠯᠲᠠ ᠪᠠᠷ ᠢᠶᠠᠨ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠳᠤ ᠨᠢᠭᠡᠨ ᠬᠤᠪᠢ ᠰᠢᠯᠢᠳᠡᠭ | ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ | ︵ᠤᠤᠯ ᠵᠣᠬᠢᠶᠠᠯ ᠢ 2024 ᠣᠨ ᠤ 7 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ ᠦᠨᠳᠦᠰᠦᠲᠡᠨ ᠤ ᠰᠦᠯᠵᠢᠶ᠎ᠡ ᠳᠤ ᠨᠡᠶᠢᠲᠡᠯᠡᠪᠡ︶ | |