︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠠᠵᠢᠯ ᠢ ᠲᠦᠷᠭᠡᠳᠬᠡᠨ ᠠᠬᠢᠭᠤᠯᠬᠤ ᠲᠤᠬᠠᠶ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠵᠡᠨ ᠵᠠᠰᠠᠭ ᠲᠠᠷᠬᠠᠭᠠᠭᠰᠠᠨ〔2024〕61 ᠳ᠋ᠤᠭᠠᠷ ᠲᠤᠭᠠᠳᠤ | | ᠡᠯ᠎ᠡ ᠪᠠᠯᠭᠠᠰᠤ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠄ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ︿ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠭᠦᠶᠴᠡᠳᠬᠡᠬᠦ﹀ ᠶᠢ | ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ〔2024〕3 ᠳ᠋ᠤᠭᠠᠷ ᠲᠣᠭᠠᠲᠤ︶᠂ ︽10 ᠵᠦᠶᠯ ᠤᠨ ︿ᠨᠢᠭᠡ ᠶᠠᠪᠤᠳᠠᠯ ᠢ | ᠥᠨᠳᠥᠷ ᠦᠷ᠎ᠡ ᠪᠦᠲᠦᠮᠵᠢᠲᠡᠶ ᠪᠠᠷ ᠭᠦᠶᠴᠡᠳᠬᠡᠬᠦ﹀ ᠶᠢ ᠵᠢᠩᠬᠢᠨᠢ ᠪᠠᠷ ᠰᠦᠯᠵᠢᠶᠡᠨ ᠳᠡᠭᠡᠷ᠎ᠡ ᠭᠦᠶᠴᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠳᠡᠯ︾ ︵ᠥᠪᠥᠷ ᠵᠠᠰᠠᠭ ᠲᠤᠭ᠎ᠠ ᠳᠠᠭᠠᠭᠤᠯᠤᠨ ᠭᠦᠶᠴᠡᠳᠬᠡᠬᠦ 〔2024〕3 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ | ᠭᠦᠶᠴᠡᠳᠬᠡᠬᠦ︾ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠳᠠᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠬᠦ᠂ ︽ᠨᠢᠭᠡ ᠶᠠᠪᠤᠳᠠᠯ ᠢ | ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠶᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠬᠦ ᠶᠠᠪᠤᠳᠠᠯ ᠪᠣᠯᠭᠠᠨ᠎ᠠ᠂ ᠵᠠᠰᠠᠭ ᠵᠠᠬᠢᠷᠭᠠᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠡ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠡᠪ ᠵᠠᠭᠪᠤᠷ ᠤᠨ ᠰᠢᠨ᠎ᠡ ᠡᠭᠦᠳᠦᠯᠲᠡ ᠶᠢ | ᠲᠦᠯᠬᠢᠨ ᠠᠬᠢᠭᠤᠯᠤᠨ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠪᠠ ᠲᠣᠭᠠᠴᠢᠯᠠᠭᠰᠠᠨ ᠡᠨᠧᠷᠭᠢ ᠣᠯᠭᠤᠬᠤ ᠬᠤᠤᠰ ᠬᠥᠳᠡᠯᠭᠡᠭᠦᠷ ᠢ ᠴᠢᠬᠤᠯᠠᠴᠢᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠶᠢ ᠠᠬᠢᠭᠤᠯᠵᠤ᠂ | ᠠᠵᠢᠯ ᠶᠠᠪᠤᠳᠠᠯ ᠡᠷᠬᠢᠯᠡᠬᠦ ᠠᠷᠭ᠎ᠠ ᠮᠠᠶ᠋ᠢᠭ ᠢ ᠣᠯᠠᠨ ᠡᠰᠢᠵᠢᠭᠦᠯᠬᠦ ᠶᠢ ᠪᠡᠶᠡᠯᠡᠬᠦᠯᠵᠦ᠂ ᠬᠡᠷᠡᠭ ᠡᠷᠬᠢᠯᠡᠬᠦ ᠶᠠᠪᠤᠴᠠ ᠶᠢ ᠰᠢᠯᠢᠳᠡᠭᠵᠢᠭᠦᠯᠬᠦ᠂ ᠠᠵᠢᠯᠯᠠᠬᠤ ᠮᠠᠲ᠋ᠧᠷᠢᠶᠠᠯ ᠢ | ᠬᠠᠮᠤᠭ ᠳᠥᠭᠦᠮᠴᠢᠯᠡᠬᠦ᠂ ᠠᠵᠢᠯᠯᠠᠬᠤ ᠥᠪᠡᠷ ᠤᠨ ᠥᠷᠲᠡᠭ ᠢ ᠬᠠᠮᠤᠭ ᠪᠠᠭ᠎ᠠ ᠪᠣᠯᠭᠠᠬᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ | ᠳᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠠᠵᠢᠯ ᠤᠨ ᠵᠦᠢᠯᠡᠰ ᠢ ᠡᠮᠬᠢᠯᠡᠨ ᠨᠡᠶᠢᠲᠡᠯᠡᠨ᠎ᠡ᠃ ᠭᠤᠷᠪᠠᠨ ᠬᠡᠰᠡᠭ ᠬᠤᠪᠢᠶᠠᠨ᠎ᠠ᠄ ᠨᠢᠭᠡ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠨᠢᠭᠡ | ᠤᠴᠢᠷ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠨᠢᠭᠡᠳᠦᠭᠡᠷ ᠪᠦᠯᠦᠭ ᠤᠨ 13 ᠭᠤᠤᠯᠳᠠᠯᠭ᠎ᠠ ᠲᠠᠢ ᠵᠦᠶᠯᠡᠰ ᠤᠨ ᠲᠣᠳᠣᠷᠬᠠᠶ ᠲᠠᠩᠰᠠ᠂ ᠬᠤᠶᠠᠷ ᠲᠤ᠂ | ᠥᠪᠡᠷᠲᠡᠭᠡᠨ ᠵᠠᠰᠠᠬᠤ ᠣᠷᠣᠨ ᠠᠴᠠ 10 ᠵᠦᠶᠯ ᠤᠨ ︽ᠨᠢᠭᠡ ᠤᠴᠢᠷ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠨᠠᠷᠢᠨ ᠲᠠᠩᠰᠠ ᠶᠢ ᠪᠥᠬᠦ ᠲᠠᠯ᠎ᠠ ᠪᠠᠷ | ᠳᠥᠯᠭᠢᠨ ᠠᠬᠢᠭᠤᠯᠪᠠ᠂ ᠭᠤᠷᠪᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠷᠢᠨ ᠲᠠᠩᠰᠠᠨ ᠳᠣᠲᠣᠷ᠎ᠠ ︽ᠨᠢᠭᠡ ᠶᠠᠪᠤᠳᠠᠯ | ᠢ ᠥᠨᠳᠥᠷ ᠦᠷ᠎ᠡ ᠪᠦᠲᠦᠮᠵᠢᠲᠡᠶ ᠪᠠᠷ ᠭᠦᠶᠴᠡᠳᠬᠡᠬᠦ︾ ᠶᠢ ᠲᠦᠷᠦᠭᠦᠯᠡᠨ ᠠᠬᠢᠭᠤᠯᠤᠭᠰᠠᠨ ᠥᠬᠡᠶ ᠠᠵᠤ ᠠᠬᠤᠶᠢᠯᠠᠯ ᠳᠤ ᠬᠤᠯᠪᠣᠭᠳᠠᠬᠤ ᠰᠠᠯᠠᠭ᠎ᠠ ᠮᠥᠴᠢᠷ ᠵᠢᠴᠢ | ᠡᠯ᠎ᠡ ᠪᠠᠯᠭᠠᠰᠤ ︵ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠵᠡ ᠲᠣᠪᠴᠢᠶ᠎ᠠ᠂ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ︶᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠭᠦᠨᠵᠡᠭᠡᠶ | ᠰᠤᠳᠤᠯᠬᠤ ᠬᠡᠷᠡᠭᠲᠡᠶ᠂ ᠠᠵᠤ ᠠᠬᠤᠶᠢᠯᠠᠯ ᠢ ᠰᠤᠷᠪᠤᠯᠵᠢᠯᠠᠨ ᠪᠠᠶᠢᠴᠠᠭᠠᠨ ᠰᠤᠳᠤᠯᠬᠤ᠂ ᠤᠯᠠᠨ ᠲᠦᠮᠡᠨ ᠤ ᠬᠡᠷᠡᠭᠴᠡᠭᠡ᠂ ︽ᠬᠤᠲᠠ ᠶᠢ ᠳᠤᠯᠠᠭᠠᠴᠠᠭᠤᠯᠵᠤ ᠠᠵᠤ | ᠠᠬᠤᠶᠢᠯᠠᠯ ᠢ ᠳᠤᠯᠠᠭᠠᠴᠠᠭᠤᠯᠵᠤ ᠰᠡᠳᠬᠢᠯ ᠢ ᠳᠤᠯᠠᠭᠠᠴᠠᠭᠤᠯᠬᠤ︾ ᠰᠢᠷᠢᠰ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠰᠢᠨ᠎ᠡ ᠶᠢ ᠡᠭᠦᠳᠬᠦ | ᠠᠵᠢᠯ ᠢ ᠥᠷᠨᠢᠭᠦᠯᠪᠡ᠃ ᠬᠤᠰᠢᠭᠤ ᠱᠠᠲᠤᠨ ᠤ ︽ᠨᠢᠭᠡ ᠤᠴᠢᠷ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠨᠠᠷᠢᠨ ᠲᠠᠩᠰᠠ ᠶᠢ ᠪᠡᠶ᠎ᠡ ᠪᠠᠨ ᠳᠠᠭᠠᠭᠠᠵᠤ | ᠡᠮᠬᠢᠯᠡᠨ ᠲᠢᠭᠯᠡᠨ᠎ᠡ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠠᠳᠠᠭ ᠲᠠᠭᠠᠨ ᠨᠢᠭᠡ ᠬᠤᠪᠢ ᠮᠡᠳᠡᠭᠦᠯᠦᠨ ᠬᠦᠷᠭᠡᠨ᠎ᠡ᠃ ︽ᠨᠢᠭᠡ ᠶᠠᠪᠤᠳᠠᠯ︾ ᠤᠨ ᠵᠦᠶᠯ ᠨᠢᠭᠡᠪᠦᠷᠢ | ᠳᠤ ᠲᠦᠷᠦᠭᠦᠯᠡᠬᠦ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠪᠠᠷ | ᠪᠦᠷᠢᠯᠳᠦᠭᠰᠡᠨ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠬᠤ ᠬᠡᠷᠡᠭᠲᠡᠶ᠂ ᠰᠠᠭᠤᠷᠢ ᠨᠠᠷᠢᠨ ᠬᠠᠭᠤᠳᠠᠰᠤ ᠶᠢᠨ ᠲᠣᠭᠤᠷᠢᠨ ᠳᠤ ᠪᠣᠳᠠᠲᠠᠶ ᠬᠡᠷᠡᠭᠵᠢᠭᠦᠯᠬᠦ | ᠲᠥᠰᠦᠯ ᠢ ᠲᠣᠭᠲᠠᠭᠠᠨ᠎ᠠ᠂ ᠡᠭᠦᠷᠭᠡ ᠶᠢ ᠨᠠᠷᠢᠯᠢᠭᠵᠢᠭᠤᠯᠤᠨ ᠵᠠᠳᠠᠯᠬᠤ᠂ ᠴᠠᠭ ᠤᠨ ᠭᠤᠭᠴᠤᠭ᠎ᠠ ᠶᠢ ᠲᠣᠳᠣᠷᠬᠠᠶᠢᠯᠠᠬᠤ᠂ ᠰᠠᠯᠠᠭ᠎ᠠ ᠮᠥᠴᠢᠷ ᠤᠨ ᠠᠵᠢᠯ ᠤᠨ | ᠬᠤᠪᠢᠶᠠᠷᠢᠯᠠᠯ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠯᠠᠨ ᠵᠦᠶᠯᠡᠰ ᠲᠤ ᠬᠤᠯᠪᠣᠭᠳᠠᠭᠰᠠᠨ ᠲᠣᠬᠢᠷᠠᠭᠤᠯᠤᠨ | ᠲᠣᠭᠲᠠᠭᠠᠬᠤ ᠦᠨᠳᠦᠰᠦᠯᠡᠯ ᠢ ᠡᠮᠬᠢᠯᠡᠨ ᠳᠢᠭᠯᠡᠨ᠎ᠡ᠂ ᠬᠦᠯᠢᠶᠡᠨ ᠠᠪᠬᠤ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠰᠢᠶᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ | ᠰᠦᠢᠳᠬᠡᠯ ᠬᠤᠷᠢᠶᠠᠬᠤ ᠪᠠᠷᠢᠮᠵᠢᠶ᠎ᠠ᠂ ᠰᠢᠶᠳᠪᠦᠷᠢᠯᠡᠭᠰᠡᠨ ᠦᠷ᠎ᠡ ᠳ᠋ᠦᠩ ᠵᠡᠷᠭᠡ ᠡᠯᠧᠮᠧᠨ᠋ᠲ᠂ ᠭᠤᠶᠤᠴᠢᠯᠠᠯ ᠤᠨ ᠮᠠᠲ᠋ᠧᠷᠢᠶᠠᠯ ᠪᠠ ᠬᠦᠰᠦᠨᠦᠭᠲᠦ ᠶᠢ ᠡᠮᠬᠢᠯᠡᠨ | ᠨᠡᠶᠢᠯᠡᠭᠦᠯᠦᠨ᠎ᠡ᠂ ᠴᠣᠮᠬᠠᠳᠬᠠᠬᠤ᠂ ᠰᠢᠯᠢᠳᠡᠭᠵᠢᠭᠦᠯᠬᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠵᠦᠶᠯᠡᠰ ᠢ ᠭᠦᠶᠴᠡᠳᠬᠡᠬᠦ ᠶᠢᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠳᠦᠷᠢᠮ ᠲᠣᠭᠲᠠᠭᠠᠯ ᠪᠠ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠪᠦᠷᠢᠯᠳᠦᠭᠦᠯᠦᠨ᠎ᠡ᠂ ︽ᠣᠯᠠᠨ ᠬᠦᠰᠦᠨᠦᠭᠲᠦ ᠶᠢ | ᠨᠢᠭᠡᠳᠬᠡᠬᠦ︾ ᠶᠢ ᠪᠡᠶᠡᠯᠡᠬᠦᠯᠵᠤ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠯᠡ ᠳᠡᠭᠡᠷ᠎ᠡ ᠲᠤᠰᠢᠶᠠᠬᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠢᠵᠢᠯ ᠡᠭᠦᠰᠦᠯᠳᠦ ᠨᠡᠶᠢᠲᠡᠯᠡᠯ᠂ ᠵᠡᠷᠭᠡ ᠳᠤᠨᠢ ᠰᠢᠨᠡᠳᠭᠡᠨ᠎ᠡ᠃ ᠬᠢᠨᠠᠨ ᠵᠦᠪᠰᠢᠶᠡᠷᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠵᠤ᠂ | ᠬᠠᠮᠲᠤᠷᠠᠨ ᠬᠢᠨᠠᠨ ᠲᠣᠭᠲᠠᠭᠠᠬᠤ᠂ ᠬᠠᠮᠲᠤᠷᠠᠨ ᠬᠠᠶᠢᠨ ᠰᠢᠯᠭᠠᠬᠤ᠂ ᠬᠠᠮᠲᠤᠷᠠᠨ ᠰᠢᠯᠭᠠᠨ ᠠᠪᠬᠤ ᠵᠡᠷᠭᠡ ᠬᠠᠮᠵᠢᠯᠴᠠᠨ ᠦᠶᠯᠡᠴᠢᠯᠡᠬᠦ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ | ︵ᠬᠤᠶᠠᠷ︶ ᠭᠦᠶᠴᠡᠳᠬᠡᠬᠦ ᠠᠷᠭ᠎ᠠ ᠮᠠᠶ᠋ᠢᠭ ᠢ ᠨᠢᠭᠡᠳᠦᠯᠲᠡᠶ ᠪᠣᠯᠭᠠᠵᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠪᠣᠳᠠᠲᠠᠶ ᠪᠠᠶᠢᠳᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠦᠯᠵᠢᠶᠡᠨ | ᠭᠠᠳᠠᠭᠤᠷᠬᠢ ︽ᠨᠢᠭᠡ ᠤᠴᠢᠷ ᠶᠠᠪᠤᠳᠠᠯ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠪᠠ ᠡᠯ᠎ᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ︽ᠨᠢᠭᠡ ᠤᠴᠢᠷ | ᠶᠠᠪᠤᠳᠠᠯ︾ ᠤᠨ ᠵᠦᠶᠯᠡᠰ ᠢ ︽ᠶᠡᠷᠦᠩᠬᠡᠶᠢᠯᠡᠭᠰᠡᠨ ᠴᠣᠩᠬᠤᠪᠴᠢ︾ ᠳᠤ ᠣᠷᠣᠭᠤᠯᠤᠨ ᠭᠥᠯᠢᠶᠡᠨ ᠠᠪᠴᠤ ᠰᠢᠶᠳᠪᠦᠷᠢᠯᠡᠵᠦ᠂ ︽ᠡᠮᠦᠨ᠎ᠡ ᠲᠠᠪᠴᠠᠩ ᠢᠶᠠᠷ | ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ᠂ ᠠᠷᠤ ᠲᠠᠪᠴᠠᠩ ᠢᠶᠠᠷ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ | ᠮᠠᠲ᠋ᠧᠷᠢᠶᠠᠯ ᠭᠠᠷᠭᠠᠬᠤ︾ ᠦᠶᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠯ᠎ᠡ ᠪᠠᠯᠭᠠᠰᠤ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠬᠢᠵᠦ ᠪᠦᠲᠦᠭᠡᠬᠦ︾ ᠶᠢ ᠨᠡᠶᠢᠲᠡᠯᠡᠵᠦ᠂ ︽ᠣᠯᠠᠨ ᠵᠦᠢᠯ | ᠢ ᠭᠦᠢᠴᠡᠳᠬᠡᠵᠦ ᠳᠡᠶᠢᠯᠬᠦ᠂ ᠣᠶᠢᠷ᠎ᠠ ᠬᠠᠪᠢ ᠳᠤᠨᠢ ᠭᠦᠢᠴᠡᠳᠬᠡᠵᠦ ᠳᠡᠶᠢᠯᠬᠦ︾ ᠶᠢ ᠪᠡᠶᠡᠯᠡᠭᠦᠯᠬᠦ ᠬᠡᠷᠡᠭᠲᠡᠶ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠰᠦᠯᠵᠢᠶ᠎ᠡ ︵ᠡᠵᠡᠨ ᠬᠤᠷᠤᠭ᠎ᠠ︶ ᠪᠣᠯᠤᠨ ︽ᠮᠥᠩᠬᠡ ᠰᠤᠪᠠᠭ︾ APP ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ | ᠭᠦᠶᠴᠡᠳᠬᠡᠵᠦ ᠳᠠᠭᠤᠰᠬᠠᠬᠤ︾ ᠲᠤᠰᠬᠠᠶ ᠪᠤᠯᠤᠩ ᠭᠠᠷᠭᠠᠵᠤ᠂ ᠨᠢᠭᠡᠳᠦᠯᠲᠡᠶ ᠣᠷᠣᠬᠤ ᠡᠭᠦᠳᠡ ᠪᠠᠷ ᠳᠠᠮᠵᠢᠭᠤᠯᠤᠨ ︽ᠨᠢᠭᠡ ᠲᠠᠯ᠎ᠠ ᠳᠤ ᠭᠥᠯᠢᠶᠡᠨ ᠠᠪᠴᠤ | ᠭᠦᠶᠴᠡᠳᠬᠡᠬᠦ︾ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠲᠤᠰᠬᠠᠶ ᠪᠤᠯᠤᠩ ᠪᠠ ᠰᠦᠯᠵᠢᠶᠡᠨ ᠠᠴᠠ ᠭᠠᠳᠠᠭᠤᠷᠬᠢ ᠲᠤᠰᠬᠠᠶ ᠴᠣᠩᠬᠤᠪᠴᠢ ᠪᠠ ︽ᠨᠢᠭᠡ ᠤᠴᠢᠷ | ᠢ ᠨᠢᠭᠡ ᠯᠡ ᠤᠳᠠᠭ᠎ᠠ ᠳᠤ ᠭᠦᠶᠴᠡᠳᠬᠡᠬᠦ︾ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠬᠢᠨᠠᠨ ᠵᠥᠪᠰᠢᠶᠡᠷᠡᠬᠦ ᠬᠠᠮᠵᠢᠯᠴᠠᠭ᠎ᠠ ᠶᠢ ᠴᠢᠩᠭᠠᠷᠠᠭᠤᠯᠵᠤ᠂ ᠣᠯᠠᠨ ᠵᠦᠶᠯᠡᠰ ᠢ ︽ᠨᠢᠭᠡ ᠯᠡ ᠤᠳᠠᠭ᠎ᠠ ᠳᠤ ᠮᠡᠳᠡᠭᠳᠡᠬᠦ᠂ ᠨᠢᠭᠡ ᠯᠡ ᠬᠦᠰᠦᠨᠦᠭᠲᠦ ᠪᠠᠷ | ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠰᠦᠯᠵᠢᠶ᠎ᠡ ᠪᠠᠷ ᠭᠦᠶᠴᠡᠳᠬᠡᠬᠦ︾ ᠶᠢ ᠪᠡᠶᠡᠯᠡᠭᠦᠯᠦᠨ᠎ᠡ᠃ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠵᠡᠷᠭᠡᠪᠡᠷ ᠭᠦᠶᠴᠡᠳᠬᠡᠪᠡᠰᠦ ᠵᠣᠬᠢᠬᠤ ᠵᠦᠶᠯᠡᠰ ᠠᠴᠠ ᠪᠤᠰᠤᠳ᠂ ᠠᠵᠤ ᠠᠬᠤᠶᠢᠯᠠᠯ ᠣᠯᠠᠨ ᠲᠦᠮᠡᠨ | ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠳᠤ ᠬᠤᠯᠪᠣᠭᠳᠠᠭᠰᠠᠨ ᠪᠥᠬᠦ ᠵᠦᠶᠯ ᠪᠤᠶᠤ | ᠬᠡᠰᠡᠭ ᠵᠦᠶᠯ ᠢ ᠡᠵᠡᠨ ᠮᠡᠳᠡᠨ ᠰᠣᠩᠭᠤᠵᠤ ᠪᠣᠯᠤᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ | ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠭᠦᠶᠴᠡᠳᠬᠡᠬᠦ︾ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠡᠯ᠎ᠡ ᠰᠠᠯᠠᠭ᠎ᠠ | ᠮᠥᠴᠢᠷ ᠤᠨ ᠠᠬᠢᠭᠤᠯᠵᠤ ᠪᠠᠶᠢᠭ᠎ᠠ ᠪᠠᠶᠢᠳᠠᠯ ᠢ ᠮᠥᠷᠳᠡᠨ ᠰᠢᠮᠳᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ︽ᠨᠢᠭᠡ ᠶᠠᠪᠤᠳᠠᠯ ᠢ ᠥᠨᠳᠥᠷ | ᠦᠷ᠎ᠡ ᠪᠦᠲᠦᠮᠵᠢᠲᠡᠶ ᠪᠠᠷ ᠭᠦᠶᠴᠡᠳᠬᠡᠬᠦ︾ ᠵᠦᠶᠯᠡᠰ ᠤᠨ ᠨᠡᠷᠡᠶᠢᠳᠦᠯ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠷᠢᠭᠤᠴᠠᠯᠭᠠᠲᠤ ᠰᠠᠯᠠᠭ᠎ᠠ ᠮᠥᠴᠢᠷ᠂ ᠬᠤᠯᠪᠣᠭᠳᠠᠬᠤ | ᠵᠦᠶᠯᠡᠰ ᠢ ᠲᠣᠳᠣᠷᠬᠠᠶᠢᠯᠠᠨ᠎ᠠ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠯᠦᠭᠡ ᠢᠳᠡᠪᠬᠢᠲᠡᠶ ᠪᠠᠷ ᠵᠣᠯᠭᠠᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠯᠦᠭᠡ ᠬᠠᠮᠵᠢᠯᠴᠠᠨ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ | ᠭᠦᠶᠴᠡᠳᠬᠡᠬᠦ︾ ᠴᠤᠪᠤᠷᠠᠯ ᠢ ᠰᠢᠯᠢᠳᠡᠭᠵᠢᠭᠦᠯᠬᠦ᠂ ᠰᠢᠰᠲ᠋ᠧᠮ ᠢ ᠵᠣᠯᠭᠠᠭᠤᠯᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠡᠯᠧᠺᠲᠷᠣᠨ ᠦᠨᠡᠮᠯᠡᠯ ᠤᠨ ᠬᠡᠷᠡᠭᠯᠡᠯᠲᠡ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠴᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠ ᠬᠢᠨᠠᠯᠲᠠ ᠳᠡᠯᠪᠢᠨ | ᠳᠣᠭᠢᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ 2024 ᠣᠨ ᠤ 5 ᠳ᠋ᠤᠭᠠᠷ ᠰᠠᠷ᠎ᠠ ᠶᠢᠨ 30 ᠤ ᠡᠳᠦᠷ | ᠠᠴᠠ ᠡᠮᠦᠨ᠎ᠡ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠶᠢᠨ ᠬᠡᠷᠡᠭᠵᠢᠭᠦᠯᠬᠦ ᠲᠥᠰᠦᠯ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠨᠢᠭᠡᠨᠲᠡ ᠲᠥᠰᠦᠯ ᠲᠣᠭᠲᠠᠭᠠᠨ ᠳᠠᠷᠤᠮᠠᠯᠯᠠᠨ ᠲᠠᠷᠬᠠᠭᠠᠭᠰᠠᠨ | ᠪᠠᠶᠢᠪᠠᠯ᠂ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠬᠡᠷᠡᠭ ᠭᠦᠶᠴᠡᠳᠬᠡᠬᠦ ᠵᠦᠭᠯᠡᠭᠦᠷ ᠵᠢᠴᠢ ᠬᠢᠨᠠᠨ ᠵᠥᠪᠰᠢᠶᠡᠷᠡᠬᠦ ᠴᠤᠪᠤᠷᠠᠯ ᠢᠶᠠᠨ ᠰᠢᠯᠢᠳᠡᠭᠵᠢᠭᠦᠯᠦᠨ | ᠲᠣᠬᠢᠷᠠᠭᠤᠯᠬᠤ ᠬᠡᠷᠡᠭᠲᠡᠶ᠃ ︽ᠬᠤᠲᠠ ᠶᠢ ᠲᠤᠯᠠᠭᠠᠴᠠᠭᠤᠯᠵᠤ᠂ ᠠᠵᠤ ᠠᠬᠤᠶᠢᠯᠠᠯ ᠢ ᠳᠤᠯᠠᠭᠠᠴᠠᠭᠤᠯᠵᠤ᠂ ᠰᠡᠳᠬᠢᠯ ᠢ ᠳᠤᠯᠠᠭᠠᠴᠠᠭᠤᠯᠬᠤ︾ ᠰᠢᠷᠢᠰ ᠰᠢᠨ᠎ᠡ ᠶᠢ | ᠡᠭᠦᠳᠬᠦ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠰᠠᠯᠠᠭ᠎ᠠ ᠮᠥᠴᠢᠷ ᠲᠤ ᠬᠤᠯᠪᠣᠭᠳᠠᠵᠤ᠂ 5 ᠳ᠋ᠤᠭᠠᠷ ᠰᠠᠷ᠎ᠠ ᠶᠢᠨ 20 ᠤ ᠡᠳᠦᠷ ᠠᠴᠠ | ᠡᠮᠦᠨ᠎ᠡ ᠵᠦᠶᠯᠡᠰ ᠤᠨ ᠨᠡᠷᠡᠶᠢᠳᠦᠯ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ | ᠮᠡᠳᠡᠭᠦᠯᠵᠦ᠂ 2024 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠬᠡᠷᠡᠭᠵᠢᠭᠦᠯᠬᠦ ᠲᠥᠰᠦᠯ ᠢᠶᠠᠨ ᠮᠡᠳᠡᠭᠦᠯᠦᠨ ᠬᠦᠷᠭᠡᠨ᠎ᠡ᠃ 2024 ᠣᠨ ᠤ | 10 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠶᠢ ᠪᠣᠳᠠᠲᠠᠶᠢᠵᠢᠭᠤᠯᠤᠨ ᠬᠡᠷᠡᠭᠵᠢᠭᠦᠯᠬᠦ | ᠶᠢ ᠪᠡᠶᠡᠯᠡᠭᠦᠯᠦᠨ᠎ᠡ᠃ | ︵ᠲᠦᠷᠪᠡ︶ ᠦᠨᠡᠯᠡᠵᠦ ᠬᠢᠨᠠᠯᠲᠠ ᠲᠠᠯᠪᠢᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ᠎ᠠ᠃ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠰᠠᠷ᠎ᠠ | ᠪᠣᠯᠭᠠᠨ ᠵᠠᠷᠯᠠᠨ ᠮᠡᠳᠡᠭᠳᠡᠬᠦ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ ᠪᠠᠶᠢᠪᠠᠯ ᠵᠠᠷᠯᠠᠨ | ᠨᠡᠶᠢᠲᠡᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︽ᠨᠢᠭᠡ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠭᠦᠶᠴᠡᠳᠬᠡᠬᠦ︾ ᠶᠢ ᠪᠡᠶᠡᠯᠡᠭᠦᠯᠦᠭᠰᠡᠨ ᠰᠠᠯᠠᠭ᠎ᠠ | ᠮᠥᠴᠢᠷ ᠲᠤ ᠦᠷ᠎ᠡ ᠪᠦᠲᠦᠭᠡᠯ ᠢ ᠰᠢᠯᠭᠠᠨ ᠠᠪᠤᠨ᠎ᠠ᠃ ᠰᠢᠯᠭᠠᠨ ᠠᠪᠬᠤ ᠠᠭᠤᠯᠭ᠎ᠠ ᠳᠤ᠄ ᠬᠡᠷᠡᠭᠵᠢᠭᠦᠯᠬᠦ ᠲᠥᠰᠦᠯ᠂ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ᠂ | ᠤᠬᠠᠭᠤᠯᠤᠨ ᠮᠡᠳᠡᠭᠡᠯᠡᠬᠦ᠂ ᠦᠨᠡᠨ ᠪᠣᠳᠠᠲᠠᠶ ᠬᠡᠷᠡᠭ ᠤᠨ ᠵᠢᠱᠢᠶ᠎ᠡ ᠵᠡᠷᠭᠡ ᠪᠠᠭᠲᠠᠨ᠎ᠠ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ︽ᠨᠢᠭᠡ ᠤᠴᠢᠷ ᠢ ᠥᠨᠳᠥᠷ ᠦᠷ᠎ᠡ | ᠪᠦᠲᠦᠮᠵᠢ ᠲᠠᠢ ᠪᠠᠷ ᠭᠦᠶᠴᠡᠳᠬᠡᠬᠦ︾ ᠶᠢ ᠭᠤᠤᠯᠳᠠᠯᠭ᠎ᠠ ᠲᠠᠢ ᠠᠵᠢᠯ ᠳᠤ ᠣᠷᠣᠭᠤᠯᠵᠤ᠂ ᠮᠥᠷᠳᠡᠨ ᠦᠨᠡᠯᠡᠵᠦ᠂ ᠠᠵᠢᠯ ᠢᠶᠠᠨ ᠴᠠᠭ ᠲᠤᠬᠠᠶ ᠳᠤᠨᠢ ᠠᠬᠢᠭᠤᠯᠤᠭᠰᠠᠨ | ᠥᠬᠡᠶ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠠᠵᠤ ᠠᠬᠤᠶᠢᠯᠠᠯ ᠣᠯᠠᠨ ᠲᠦᠮᠡᠨ ᠤ ᠲᠤᠰᠬᠠᠭᠰᠠᠨ ᠠᠰᠠᠭᠤᠳᠠᠯ ᠲᠣᠪᠣᠶᠢᠮ᠎ᠠ ᠪᠠᠶᠢᠪᠠᠯ᠂ | ᠵᠠᠷᠯᠠᠨ ᠰᠢᠭᠦᠮᠵᠢᠯᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠯ᠎ᠡ ᠪᠠᠯᠭᠠᠰᠤᠨ ᠤ ᠡᠯ᠎ᠡ ᠰᠠᠯᠠᠭ᠎ᠠ ᠮᠥᠴᠢᠷ ᠵᠠᠰᠠᠭ ᠤᠨ ᠣᠷᠳᠣᠨ ᠤ | ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠵᠢᠯᠣᠭᠤᠳᠣᠯᠭ᠎ᠠ ᠶᠢ ᠰᠠᠶᠢᠲᠤᠷ ᠬᠢᠵᠦ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 7 ᠳ᠋ᠤᠭᠠᠷ ᠰᠠᠷ᠎ᠠ ᠶᠢᠨ 8 ᠤ ᠡᠳᠦᠷ | | |