ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ᠂ | 2024 ᠣᠨ ᠤ 7 ᠳ᠋ᠤᠭᠠᠷ ᠰᠠᠷ᠎ᠠ ᠶᠢᠨ 1 ᠤ ᠡᠳᠦᠷ ︽ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ ﹀ ᠶᠢᠨ | ᠪᠦᠷᠢᠳᠬᠡᠭᠦᠯᠦᠭᠰᠡᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ︾ ︵ ᠳᠣᠷᠣᠭᠰᠢ ︽ ᠲᠣᠭᠲᠠᠭᠠᠯ ︾ ᠬᠡᠮᠡᠨ ᠲᠣᠪᠴᠢᠯᠠᠪᠠ︶ ᠢ ᠨᠡᠶᠢᠲᠡᠯᠡᠪᠡ᠂ ᠲᠤᠰ ︽ ᠲᠣᠭᠲᠠᠭᠠᠯ ︾ ᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ ᠃ ︽ ᠲᠣᠭᠲᠠᠭᠠᠯ ︾ ᠳᠤ ᠨᠡᠶᠢᠲᠡ 13 ᠵᠦᠢᠯ ᠪᠠᠶᠢᠵᠤ ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠪᠠᠭᠲᠠᠭᠠᠨ᠎ᠠ ᠃ | ᠨᠢᠭᠡᠳᠦᠭᠡᠷ ᠲᠤ᠂ ᠺᠤᠮᠫᠠᠨᠢ ᠶᠢᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠤᠨ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠶᠢ | ᠲᠣᠳᠣᠷᠬᠠᠶᠢᠯᠠᠪᠠ᠃ 2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠨ ᠪᠠᠶᠢᠭᠤᠯᠤᠭᠰᠠᠨ ᠺᠣᠮᠫᠠᠨᠢ ᠂ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠨᠢ 2027 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠭᠡᠳ 5 ᠵᠢᠯ ᠠᠴᠠ ᠢᠯᠡᠭᠦᠦ ᠪᠠᠶᠢᠪᠠᠯ ᠂ 2027 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠦᠯᠡᠳᠡᠭᠰᠡᠨ | ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠢ 5 ᠵᠢᠯ ᠤᠨ ᠳᠣᠲᠣᠷ᠎ᠠ ᠵᠢᠯ ᠪᠣᠯᠭᠠᠨ ᠳᠣᠬᠢᠷᠠᠭᠤᠯᠬᠤ ᠶᠢᠨ ᠬᠠᠮᠲᠤ ᠺᠣᠮᠫᠠᠨᠢ ᠶᠢᠨ ᠳᠦᠷᠢᠮ ᠳᠤ | ᠲᠡᠮᠳᠡᠭᠯᠡᠪᠡᠯ ᠵᠣᠬᠢᠨ᠎ᠠ᠃ ᠬᠤᠪᠢ ᠣᠷᠣᠭᠤᠯᠤᠭᠴᠢ ᠲᠣᠬᠢᠷᠠᠭᠤᠯᠤᠭᠰᠠᠨ ᠳᠠᠭᠠᠭᠠᠨ ᠲᠤᠰᠢᠶᠠᠬᠤ ᠪᠡᠯᠡ ᠭᠠᠷᠭᠠᠬᠤ ᠬᠤᠭᠤᠴᠠᠭᠠᠨ ᠳᠤ ᠲᠤᠭ᠎ᠠ ᠶᠣᠰᠣᠭᠠᠷ ᠳᠠᠭᠠᠭᠠᠨ | ᠲᠤᠰᠢᠶᠠᠬᠤ ᠪᠡᠯᠡ ᠪᠠᠨ ᠲᠣᠰᠢᠶᠠᠪᠠᠯ ᠵᠣᠬᠢᠨ᠎ᠠ ︔ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ 2027 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠪᠠᠨ ᠪᠦᠬᠦ ᠲᠤᠭ᠎ᠠ ᠪᠠᠷ ᠨᠢ ᠲᠣᠰᠢᠶᠠᠪᠠᠯ ᠵᠣᠬᠢᠨ᠎ᠠ᠃ | ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠤᠯᠤᠰ ᠤᠨ ᠠᠰᠢᠭ ᠲᠤᠰᠠ ᠪᠤᠶᠤ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠬᠤ ᠪᠥᠭᠡᠳ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠰᠠᠨᠠᠯ ᠳᠤᠷᠠᠳᠤᠭᠰᠠᠨ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠤᠯ ᠤᠨ ᠪᠡᠯᠡ ᠭᠠᠷᠭᠠᠬᠤ ᠴᠠᠭ ᠤᠨ ᠬᠢᠵᠠᠭᠠᠷ ᠢᠶᠠᠷ ᠢᠶᠠᠨ ᠪᠡᠯᠡ ᠭᠠᠷᠭᠠᠬᠤ ᠶᠢ ᠨᠢ ᠵᠥᠪᠰᠢᠶᠡᠷᠡᠵᠦ ᠪᠣᠯᠣᠨ᠎ᠠ᠃ | ᠬᠤᠶᠠᠳᠤᠭᠠᠷ ᠲᠤ᠂ ᠺᠣᠮᠫᠠᠨᠢ ᠶᠢᠨ ᠪᠡᠯᠡ ᠭᠠᠷᠭᠠᠬᠤ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠶᠢ ᠲᠣᠭᠲᠠᠭᠠᠪᠠ ᠃ ᠺᠣᠮᠫᠠᠨᠢ ᠶᠢᠨ ᠪᠡᠯᠡ ᠭᠠᠷᠭᠠᠬᠤ | ᠴᠠᠭ ᠤᠨ ᠬᠢᠵᠠᠭᠠᠷ ᠂ ᠪᠦᠷᠢᠳᠬᠡᠭᠦᠯᠦᠭᠰᠡᠨ ᠬᠥᠷᠥᠩᠭᠡ ᠨᠢ ᠢᠯᠡᠷᠬᠡᠢ ᠬᠡᠪ ᠤᠨ ᠪᠤᠰᠤ ᠪᠠᠶᠢᠪᠠᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠺᠣᠮᠫᠠᠨᠢ ᠶᠢᠨ ᠡᠵᠡᠩᠨᠡᠯᠲᠡ ᠶᠢᠨ | ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠵᠢᠴᠢ ᠬᠤᠪᠢ ᠣᠷᠣᠭᠤᠯᠤᠭᠴᠢ ᠶᠢᠨ ᠪᠡᠯᠡ ᠭᠠᠷᠭᠠᠬᠤ ᠴᠢᠳᠠᠪᠤᠷᠢ᠂ ᠭᠤᠣᠯ ᠡᠵᠡᠩᠨᠡᠯᠲᠡ ᠶᠢᠨ ᠲᠥᠷᠥᠯ ᠵᠦᠢᠯ᠂ ᠡᠳ᠋ | ᠬᠥᠷᠥᠩᠭᠡ ᠶᠢᠨ ᠬᠡᠪᠴᠢᠶ᠎ᠡ ᠵᠡᠷᠭᠡ ᠶᠢ ᠤᠶᠠᠯᠳᠤᠭᠤᠯᠤᠨ ᠪᠠᠶᠢᠵᠤ ᠰᠤᠳᠤᠯᠤᠨ ᠮᠠᠭᠠᠳᠯᠠᠵᠤ ᠪᠣᠯᠣᠨ᠎ᠠ᠂ ᠦᠨᠡᠨ ᠪᠣᠳᠠᠲᠤ ᠴᠢᠨᠠᠷ᠂ ᠵᠦᠢ ᠶᠣᠰᠣᠴᠢ ᠴᠢᠨᠠᠷ ᠤᠨ | ᠵᠠᠷᠴᠢᠮ ᠠᠴᠠ ᠵᠥᠷᠢᠴᠡᠭᠰᠡᠨ ᠪᠠᠶᠢᠪᠠᠯ᠂ ᠴᠠᠭ ᠲᠤᠬᠠᠢ ᠳᠤ ᠨᠢ ᠬᠠᠤᠯᠢ ᠶᠣᠰᠣᠭᠠᠷ ᠳᠣᠬᠢᠷᠠᠭᠤᠯᠬᠤ ᠶᠢ ᠱᠠᠭᠠᠷᠳᠠᠵᠤ ᠪᠣᠯᠣᠨ᠎ᠠ᠃ | ᠭᠤᠷᠪᠠᠳᠤᠭᠠᠷ ᠲᠤ ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠪᠡ᠃ ᠺᠣᠮᠫᠠᠨᠢ ᠨᠢ ᠬᠤᠪᠢ ᠣᠷᠣᠭᠤᠯᠤᠭᠴᠢ ᠶᠢᠨ ᠳᠠᠭᠠᠭᠠᠨ | ᠲᠣᠰᠢᠶᠠᠬᠤ ᠪᠠ ᠪᠣᠳᠠᠲᠠᠢ ᠲᠤᠰᠢᠶᠠᠬᠤ ᠪᠡᠯᠡ ᠭᠠᠷᠭᠠᠬᠤ ᠲᠤᠭ᠎ᠠ᠂ ᠪᠡᠯᠡ ᠭᠠᠷᠭᠠᠬᠤ ᠠᠷᠭ᠎ᠠ ᠮᠠᠶ᠋ᠢᠭ᠂ ᠪᠡᠯᠡ ᠭᠠᠷᠭᠠᠬᠤ ᠴᠠᠭ ᠤᠨ ᠬᠢᠵᠠᠭᠠᠷ ᠲᠤ ᠲᠣᠬᠢᠷᠠᠭᠤᠯᠤᠯᠲᠠ | ᠬᠢᠬᠦ ᠪᠤᠶᠤ ᠡᠭᠦᠰᠬᠡᠨ ᠪᠠᠶᠢᠭᠤᠯᠤᠭᠴᠢ ᠶᠢᠨ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠵᠡᠷᠭᠡ ᠳᠤ ᠲᠣᠬᠢᠷᠠᠭᠤᠯᠤᠯᠲᠠ ᠬᠢᠬᠦ ᠳᠤ᠂ ᠬᠠᠤᠯᠢ ᠶᠣᠰᠣᠭᠠᠷ ᠨᠡᠶᠢᠭᠡᠮ | ᠨᠡᠶᠢᠲᠡ ᠳᠤ ᠵᠠᠷᠯᠠᠪᠠᠯ ᠵᠣᠬᠢᠨ᠎ᠠ ᠃ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠳᠠᠭᠠᠭᠠᠨ ᠲᠣᠰᠢᠶᠠᠭᠰᠠᠨ ᠪᠠ ᠪᠣᠳᠠᠲᠠᠢ ᠲᠤᠰᠢᠶᠠᠭᠰᠠᠨ ᠪᠠᠶᠢᠳᠠᠯ ᠢ ᠬᠢᠨᠠᠨ | ᠪᠠᠶᠢᠴᠠᠭᠠᠵᠤ ᠂ ᠺᠣᠮᠫᠠᠨᠢ ᠶᠢᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠤᠨ᠎ᠠ ᠃ ᠺᠣᠮᠫᠠᠨᠢ ᠨᠢ ᠪᠡᠯᠡ | ᠭᠠᠷᠭᠠᠬᠤ ᠴᠠᠭ ᠤᠨ ᠬᠢᠵᠠᠭᠠᠷ ᠪᠠ ᠪᠦᠷᠢᠳᠬᠡᠭᠦᠯᠦᠭᠰᠡᠨ ᠬᠥᠷᠥᠩᠭᠡ ᠪᠠᠨ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ᠪᠠᠶᠢᠪᠠᠯ ᠂ ᠺᠣᠮᠫᠠᠨᠢ ᠳᠠᠩᠰᠠᠯᠠᠬᠤ | ᠪᠠᠶᠢᠭᠤᠯᠭ᠎ᠠ ᠵᠠᠷᠯᠢᠭᠳᠠᠨ ᠪᠠᠶᠢᠵᠤ ᠵᠠᠯᠠᠷᠠᠭᠤᠯᠤᠨ᠎ᠠ ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ ᠺᠣᠮᠫᠠᠨᠢ ᠳᠠᠩᠰᠠᠯᠠᠬᠤ ᠪᠠᠶᠢᠭᠤᠯᠭ᠎ᠠ | ᠤᠯᠤᠰ ᠤᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠰᠢᠰᠲ᠋ᠧᠮ ᠳᠤ ᠣᠨᠴᠠᠭᠠᠶᠢᠯᠠᠨ ᠲᠣᠳᠣᠷᠬᠠᠶᠢᠯᠠᠬᠤ ᠶᠢᠨ ᠬᠠᠮᠲᠤ | ᠨᠡᠶᠢᠭᠡᠮ ᠨᠡᠶᠢᠲᠡ ᠳᠤ ᠨᠡᠶᠢᠲᠡᠯᠡᠨ᠎ᠡ ᠃ | ᠡᠭᠦᠨ ᠠᠴᠠ ᠭᠠᠳᠠᠨ᠎ᠠ ᠂ ︽ ᠲᠣᠭᠲᠠᠭᠠᠯ ︾ ᠳᠤ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ ᠢᠶᠠᠨ | ᠲᠣᠬᠢᠷᠠᠭᠤᠯᠬᠤ ᠂ ᠪᠦᠷᠢᠳᠬᠡᠭᠦᠯᠦᠭᠰᠡᠨ ᠬᠥᠷᠥᠩᠭᠡ ᠪᠠᠨ ᠳᠣᠬᠢᠷᠠᠭᠤᠯᠬᠤ ᠶᠢ ᠨᠢ ᠵᠢᠯᠤᠭᠤᠳᠬᠤ ᠪᠠᠨ ᠴᠢᠩᠭᠠᠳᠬᠠᠵᠤ ᠂ ᠪᠣᠳᠠᠲᠠᠢ ᠠᠵᠢᠯᠯᠠᠬᠤ ᠬᠥᠲᠥᠯᠪᠦᠷᠢ | ᠳᠣᠭᠲᠠᠭᠠᠨ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠯᠲᠠ ᠶᠢ ᠲᠥᠬᠦᠮᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | |