​ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/30
         7 ᠰᠠᠷ᠎ᠠ ᠶᠢᠨ 29᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ᠂ ᠬᠤᠷᠠᠯ 3 ᠡᠳᠦᠷ ᠶᠠᠪᠤᠭᠳᠠᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠣᠣᠷᠠᠭ︶︾᠎ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠢ᠃       ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ