ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠠᠲᠤ ᠬᠤᠷᠠᠯ ᠤᠨ ᠡᠨᠧᠷᠭᠢ ᠶᠢᠨ ᠬᠠᠮᠲᠤᠷᠠᠯᠴᠠᠭᠠᠨ ᠤ ᠲᠤᠰᠬᠠᠢ ᠺᠤᠮᠢᠰ ᠮᠠᠨ ᠤ ᠣᠷᠣᠨ ᠳᠤ ᠵᠢᠩᠬᠢᠨᠢ ᠪᠠᠷ ᠪᠠᠶᠢᠭᠤᠯᠤᠭᠳᠠᠭᠰᠠᠨ ᠪᠥᠭᠡᠳ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
           7 ᠳ᠋ᠤᠭᠠᠷ ᠰᠠᠷ᠎ᠠ ᠶᠢᠨ 26᠎ ᠤ ᠡᠳᠦᠷ ᠠᠴᠠ 27᠎ ᠤ ᠡᠳᠦᠷ ᠪᠣᠯᠲᠠᠯ᠎ᠠ ᠂ 2024 ᠣᠨ ᠤ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠠᠲᠤ ᠬᠤᠷᠠᠯ ᠤᠨ ᠡᠨᠧᠷᠭᠢ ᠶᠢᠨ ᠬᠠᠮᠲᠤᠷᠠᠯᠴᠠᠭᠠᠨ ᠤ ᠲᠤᠰᠬᠠᠢ ᠺᠣᠮᠢᠰ ᠣᠷᠳᠣᠰ ᠬᠤᠲᠠ ᠳᠤ ᠵᠢᠩᠬᠢᠨᠢ ᠪᠠᠷ ᠫᠠᠶᠢᠰᠠ ᠰᠡᠬᠦᠨ ᠪᠠᠶᠢᠭᠤᠯᠤᠭᠳᠠᠭᠰᠠᠨ ᠪᠥᠭᠡᠳ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠳᠤᠮᠳᠠᠳᠤ ᠤᠯᠤᠰ ᠂ ᠶᠠᠫᠤᠨ ᠂ ᠺᠣᠷᠢᠶᠠ ᠂ ᠤᠷᠤᠰ ᠂ ᠮᠣᠩᠭᠤᠯ ᠤᠯᠤᠰ ᠵᠡᠷᠭᠡ ᠤᠯᠠᠨ ᠤᠯᠤᠰ ᠤᠨ ᠪᠠ ᠭᠠᠵᠠᠷ ᠣᠷᠣᠨ ᠠᠴᠠ ᠢᠷᠡᠭᠰᠡᠨ ᠲᠥᠯᠥᠭᠡᠯᠡᠭᠴᠢᠳ ᠵᠢᠴᠢ ᠲᠤᠰᠬᠠᠢ ᠮᠡᠷᠭᠡᠵᠢᠯᠲᠡᠨ ᠡᠷᠳᠡᠮᠲᠡᠳ ᠨᠡᠶᠢᠳᠡ 130 ᠭᠠᠷᠤᠢ ᠬᠦᠮᠦᠰ ︽ ᠡᠨᠧᠷᠭᠢ ᠶᠢᠨ ᠬᠠᠮᠲᠤᠷᠠᠯᠴᠠᠭᠠᠨ ᠤ ᠠᠵᠠ ᠲᠣᠬᠢᠶᠠᠯ ᠢ ᠬᠠᠮᠲᠤ ᠪᠠᠷ ᠬᠥᠷᠲᠡᠵᠦ  ᠡᠨᠧᠷᠭᠢ ᠶᠢᠨ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ︾ ᠭᠡᠰᠡᠨ ᠭᠤᠣᠯ ᠰᠡᠳᠦᠪ ᠤᠨ ᠲᠣᠭᠤᠷᠢᠨ ᠳᠤ ᠂ ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠰᠦᠪᠡᠭᠴᠢᠯᠡᠬᠦ ᠵᠡᠷᠭᠡ ᠲᠠᠯ᠎ᠠ ᠪᠠᠷ ᠰᠠᠨᠠᠯ ᠪᠣᠳᠣᠯ ᠢᠶᠠᠨ ᠭᠦᠨᠵᠡᠭᠡᠢ ᠰᠣᠯᠢᠯᠴᠠᠵᠠᠢ ᠃ ᠬᠤᠷᠠᠯ ᠢᠶᠠᠷ ᠳᠠᠮᠵᠢᠨ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ ︽ ᠡᠨᠧᠷᠭᠢ ︾᠎ ᠶᠢ ᠲᠥᠪᠯᠡᠷᠡᠭᠦᠯᠦᠨ ᠤᠷᠤᠭᠰᠢᠯᠠᠬᠤ ᠂ ︽ ᠨᠣᠭᠤᠭᠠᠨ︾᠎ ᠢ ᠬᠥᠭᠡᠭᠡᠴᠡᠯᠳᠦᠨ ᠤᠷᠤᠭᠰᠢᠯᠠᠬᠤ ᠂ ︽ ᠰᠢᠨ᠎ᠡ ︾᠎ ᠶᠢ ᠵᠣᠷᠢᠨ ᠤᠷᠤᠭᠰᠢᠯᠠᠬᠤ ᠰᠢᠨ᠎ᠡ ᠪᠠᠶᠢᠷᠢᠰᠢᠯ ᠪᠠ ᠰᠢᠨ᠎ᠡ ᠦᠷ᠎ᠡ ᠪᠦᠲᠦᠮᠵᠢ ᠶᠢ ᠪᠦᠬᠦ ᠲᠠᠯ᠎ᠠ ᠪᠠᠷ ᠬᠠᠷᠠᠭᠤᠯᠪᠠ᠃ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠠᠲᠤ ᠬᠤᠷᠠᠯ ︵NEAR ︶᠎ ᠨᠢ 1996 ᠣᠨ ᠳᠤ ᠪᠠᠶᠢᠭᠤᠯᠤᠭᠳᠠᠵᠤ ᠂ 6 ᠤᠯᠤᠰ ᠤᠨ 81 ᠮᠤᠵᠢ ᠶᠢᠨ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠪᠦᠷᠢᠯᠳᠦᠭᠰᠡᠨ ᠣᠷᠣᠨ ᠪᠦᠰᠡ ᠶᠢᠨ ᠴᠢᠨᠠᠷᠲᠠᠢ ᠤᠯᠠᠨ ᠤᠯᠤᠰ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ᠎ᠠ ᠃ ᠮᠠᠨ ᠤ ᠣᠷᠣᠨ 2016 ᠣᠨ ᠳᠤ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠯᠪᠣᠭᠠᠲᠤ ᠬᠤᠷᠠᠯ ᠳᠤ ᠣᠷᠣᠯᠴᠠᠭᠰᠠᠨ ᠪᠥᠭᠡᠳ 2023 ᠣᠨ ᠤ 10 ᠳ᠋ᠤᠭᠠᠷ ᠰᠠᠷ᠎ᠠ ᠠᠴᠠ ᠡᠬᠢᠯᠡᠨ ᠡᠨᠧᠷᠭᠢ ᠶᠢᠨ ᠬᠠᠮᠲᠤᠷᠠᠯᠴᠠᠭᠠᠨ ᠤ ᠲᠤᠰᠬᠠᠢ ᠺᠣᠮᠢᠰ ᠤᠨ ᠠᠩᠬᠠᠳᠠᠭᠴᠢ ᠵᠣᠬᠢᠴᠠᠭᠤᠯᠤᠭᠴᠢ ᠶᠢᠨ ᠲᠤᠰᠢᠶᠠᠯ ᠢ ᠡᠭᠦᠷᠭᠡᠯᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠪᠣᠯᠪᠠ᠃ ︵ ᠡᠨᠧᠷᠭᠢ ᠶᠢᠨ ᠲᠣᠪᠴᠢᠶ᠎ᠠ ︶     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ