ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 2 ᠤᠨ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 2 ᠤᠨ | ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠠᠰᠲ᠋ᠠᠨᠠ ᠳᠤ ᠬᠦᠷᠴᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ | ᠬᠤᠷᠠᠯ ᠳᠤ ᠣᠷᠣᠯᠴᠠᠵᠤ᠂ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠺᠠᠽᠠᠬᠰᠲ᠋ᠠᠨ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠪᠡ᠃ | | | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 2 ᠤᠨ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠠᠰᠲ᠋ᠠᠨᠠ ᠳᠤ | ᠬᠦᠷᠴᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ | ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠵᠤ᠂ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ | ᠲᠦᠸᠧᠺᠠᠶᠧᠹ ᠤᠨ ᠤᠷᠢᠯᠭ᠎ᠠ ᠪᠠᠷ ᠺᠠᠽᠠᠬᠰᠲ᠋ᠠᠨ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠲᠦᠸᠧᠺᠠᠶᠧᠹ ᠨᠢᠰᠬᠡᠯ ᠤᠨ ᠪᠠᠭᠤᠳᠠᠯ ᠳᠤ ᠰᠢ ᠶᠢᠨ | ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠺᠠᠽᠠᠬᠰᠲ᠋ᠠᠨ ᠤ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ ᠺᠠᠽᠠᠬᠰᠲ᠋ᠠᠨ ᠤ ᠭᠤᠷᠪᠠᠨ ᠠᠭᠠᠷ ᠤᠨ | ᠴᠡᠷᠢᠭ ᠤᠨ ᠪᠠᠶᠢᠯᠳᠤᠭᠠᠨ ᠤ ᠨᠢᠰᠬᠡᠯ ᠣᠭᠲᠠᠷᠭᠤᠢ ᠳᠤ ᠨᠢᠰᠦᠨ ᠠᠶᠠᠯᠠᠯ ᠢ ᠬᠠᠮᠠᠭᠠᠯᠠᠪᠠ᠃ | ᠲᠤᠰᠬᠠᠢ ᠨᠢᠰᠬᠡᠯ ᠠᠰᠲ᠋ᠠᠨᠠ ᠶᠢᠨ ᠨᠠᠵᠠᠷᠪᠠᠶᠧᠹ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠳᠤ᠂ ᠺᠠᠽᠠᠬᠰᠲ᠋ᠠᠨ ᠤ ᠶᠡᠷᠦᠩᠬᠡᠶᠢᠯᠡᠭᠴᠢ | ᠲᠦᠸᠧᠺᠠᠶᠧᠹ ᠵᠠᠰᠠᠭ ᠤᠨ ᠣᠷᠳᠣᠨ ᠤ ᠨᠢᠭᠡᠳᠦᠭᠡᠷ ᠳᠡᠳ᠋ ᠶᠡᠷᠦᠩᠬᠡᠢ ᠰᠠᠶᠢᠳ ᠰᠺᠧᠯᠢᠶᠠᠷ᠂ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠨᠦᠷᠲ᠋ᠧᠯᠢᠶ᠋ᠸᠦ᠋᠂ ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠪᠧᠺ ᠵᠡᠷᠭᠡ ᠳᠡᠭᠡᠳᠦ | ᠵᠡᠷᠭᠡ ᠶᠢᠨ ᠠᠯᠪᠠᠨ ᠲᠤᠰᠢᠶᠠᠯᠲᠠᠳ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠯᠭ᠎ᠠ ᠬᠢᠪᠡ᠃ ᠭᠤᠶᠣᠯᠠᠯ ᠤᠨ ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤ | ᠡᠮᠡᠭᠲᠡᠢ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ | ᠲᠦᠸᠧᠺᠠᠶᠧᠹ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ 100 ᠭᠠᠷᠤᠢ ᠶᠣᠰᠣᠯᠠᠯ ᠤᠨ ᠴᠡᠷᠢᠭ | ᠵᠢᠪᠬᠤᠭ᠎ᠠ ᠲᠡᠭᠦᠯᠳᠡᠷ ᠪᠠᠶᠢᠵᠤ᠂ ᠴᠡᠷᠢᠭ ᠤᠨ ᠬᠥᠭᠵᠢᠮ ᠤᠨ ᠠᠩᠭᠢ ᠵᠣᠴᠢᠨ ᠤᠭᠲᠤᠬᠤ ᠠᠶ᠎ᠠ ᠶᠢ ᠬᠥᠭᠵᠢᠮᠳᠡᠵᠦ ᠵᠣᠴᠢᠨ ᠤᠭᠲᠤᠬᠤ ᠪᠦᠷᠢᠶ᠎ᠡ ᠶᠢ ᠬᠠᠩᠭᠢᠨᠠᠭᠤᠯᠪᠠ᠃ | ᠺᠠᠽᠠᠬᠰᠲ᠋ᠠᠨ ᠤ ᠵᠠᠭᠤ ᠰᠢᠬᠠᠮ ᠬᠡᠦᠬᠡᠳ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ︽ ᠰᠠᠶᠢᠨ ᠪᠠᠶᠢᠨ᠎ᠠ ᠦᠦ ︾ ᠭᠡᠵᠦ | ᠮᠡᠨᠳᠦᠴᠢᠯᠡᠨ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠺᠠᠽᠠᠬᠰᠲ᠋ᠠᠨ ᠤ ᠠᠷᠪᠠ ᠭᠠᠷᠤᠢ ᠪᠠᠭᠠᠴᠤᠳ | ᠬᠢᠲᠠᠳ ᠭᠡᠯᠡ ᠪᠠᠷ ︽ ᠡᠬᠡ ᠤᠯᠤᠰ ᠢᠶᠠᠨ ᠮᠠᠭᠲᠠᠨ ᠳᠠᠭᠤᠯᠠᠶ᠎ᠠ ︾ ᠭᠡᠬᠦ ᠳᠠᠭᠤᠤ ᠶᠢ ᠳᠠᠭᠤᠯᠠᠪᠠ᠃ | ᠰᠢ ᠶᠢᠨ ᠫᠢᠩ ᠨᠢᠰᠬᠡᠯ ᠤᠨ ᠪᠠᠭᠤᠳᠠᠯ ᠳᠤ ᠪᠢᠴᠢᠭ ᠤᠨ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ ᠨᠥᠭᠦᠷᠰᠡᠭ ᠺᠠᠽᠠᠬᠰᠲ᠋ᠠᠨ ᠤ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ | ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 32 ᠵᠢᠯ ᠤᠨ ᠲᠤᠷᠰᠢ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠴᠠᠭ ᠦᠶ᠎ᠡ ᠶᠢᠨ ᠬᠤᠪᠢᠷᠠᠯᠲᠠ ᠪᠣᠯᠣᠨ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ | ᠰᠢᠯᠭᠠᠯᠲᠠ ᠶᠢ ᠳᠠᠭᠠᠭᠠᠵᠤ᠂ ᠬᠤᠣᠰ ᠦᠭᠡᠢ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠬᠥᠷᠰᠢ | ᠵᠡᠷᠭᠡᠯᠡᠳᠡᠭᠡ ᠤᠯᠤᠰ ᠤᠨ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ᠂ ᠬᠠᠷᠢᠯᠴᠠᠨ ᠠᠮᠵᠢᠯᠲᠠ | ᠣᠯᠣᠭᠰᠠᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ 11 ᠵᠢᠯ ᠤᠨ ᠡᠮᠦᠨ᠎ᠡ᠂ ᠪᠢ ᠺᠠᠽᠠᠬᠰᠲ᠋ᠠᠠ ᠳᠤ ︽ ᠲᠣᠷᠭᠠᠨ ᠵᠠᠮ ᠤᠨ ᠠᠵᠤ ᠠᠬᠤᠢ ᠶᠢᠨ ᠪᠦᠰᠡ ︾ | ᠶᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠠᠩᠬ᠎ᠠ ᠳᠤᠷᠠᠳᠤᠭᠰᠠᠨ ᠶᠤᠮ᠃ ᠡᠳᠦᠭᠡ᠂ ᠳᠤᠮᠳᠠᠳᠤ ᠺᠠᠽᠠᠬᠰᠲ᠋ᠠᠨ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠤᠭᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠪᠢ ᠶᠡᠷᠦᠩᠬᠡᠶᠢᠯᠡᠭᠴᠢ ᠲᠦᠸᠧᠺᠠᠶᠧᠹ ᠲᠠᠢ ᠳᠤᠮᠳᠠᠳᠤ ᠺᠠᠽᠠᠬᠰᠲ᠋ᠠᠨ ᠤ | ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠰᠢᠨ᠎ᠡ ᠵᠢᠷᠤᠭ | ᠲᠥᠰᠥᠪ ᠢ ᠵᠢᠷᠤᠭᠯᠠᠵᠤ᠂ ᠰᠢᠨ᠎ᠡ ᠪᠠᠶᠢᠷᠢᠯᠠᠭᠤᠯᠤᠯᠲᠠ ᠬᠢᠬᠦ ᠶᠢ ᠬᠦᠰᠡᠵᠦ ᠪᠠᠶᠢᠨ᠎ᠠ᠃ ᠪᠢ ᠪᠠᠰᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠵᠣᠬᠢᠶᠠᠨ ᠪᠠᠶᠢᠭᠤᠯᠤᠯᠲᠠ ᠶᠢᠨ ᠢᠷᠡᠭᠡᠳᠦᠢ ᠶᠢ ᠶᠠᠷᠢᠯᠴᠠᠵᠤ᠂ | ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠡᠨᠡ ᠬᠦ ᠴᠢᠬᠤᠯᠠ ᠤᠯᠠᠨ ᠲᠠᠯᠠᠲᠤ ᠲᠣᠭᠲᠠᠴᠠ ᠶᠢᠨ ᠨᠡᠩ ᠶᠡᠭᠡ ᠰᠢᠨ᠎ᠡ ᠬᠥᠭᠵᠢᠯᠲᠡ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠺᠠᠽᠠᠬᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠰᠢᠶᠣᠣ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠤ ᠬᠦᠷᠬᠦ ᠵᠠᠮ ᠵᠠᠭᠤᠷ᠎ᠠ᠂ ᠲᠤᠬᠠᠢ ᠶᠢᠨ | ᠭᠠᠵᠠᠷ ᠤᠨ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠥᠯᠥᠭᠡᠯᠡᠭᠴᠢᠳ ᠵᠠᠮ ᠤᠨ ᠬᠤᠶᠠᠷ ᠬᠠᠵᠠᠭᠤ ᠪᠠᠷ ᠬᠦᠯᠢᠶᠡᠵᠦ᠂ ᠳᠤᠮᠳᠠᠳᠤ ᠺᠠᠽᠠᠬᠰᠲ᠋ᠠᠨ ᠬᠤᠶᠠᠷ | ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ︽ ᠲᠡᠷᠢᠭᠦᠯᠡᠭᠴᠢ ᠰᠢ ᠶᠢᠨ ᠫᠢᠩ ᠤᠨ ᠺᠠᠽᠠᠬᠰᠲ᠋ᠠᠨ ᠳᠤ ᠠᠶᠢᠯᠴᠢᠯᠠᠯᠲᠠ ᠬᠢᠬᠦ ᠶᠢ ᠪᠠᠶᠠᠷᠯᠠᠨ ᠤᠭᠲᠤᠶ᠎ᠠ ︾ ᠵᠡᠷᠭᠡ | ᠤᠯᠠᠭᠠᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | |