ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ  ᠶᠡᠭᠡ ᠬᠤᠷᠠᠯ ᠬᠢᠩᠭᠠᠨ ᠠᠶᠢᠮᠠᠭ ᠲᠤ ᠬᠤᠷᠠᠯᠳᠤᠪᠠ  ᠶᠠᠩ ᠶᠢᠨ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/7/4
       7 ᠳ᠋ᠤᠭᠠᠷ ᠰᠠᠷ᠎ᠠ ᠶᠢᠨ 2᠎ ᠤᠨ ᠡᠳᠦᠷ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠡᠭᠡ ᠬᠤᠷᠠᠯ ᠢ ᠬᠢᠩᠭᠠᠨ ᠠᠶᠢᠮᠠᠭ ᠲᠤ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃      ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ︽ᠭᠤᠣᠯ ᠪᠠ ᠰᠠᠯᠪᠤᠷᠢ ᠱᠤᠭᠤᠮ ᠤᠨ ᠨᠡᠪᠲᠡᠷᠡᠯ᠂ ᠪᠦᠬᠦ ᠲᠣᠣᠷ ᠤᠨ ᠬᠤᠯᠪᠣᠯᠳᠣᠯ︾᠎ ᠢ ᠠᠬᠢᠭᠤᠯᠬᠤ ᠲᠣᠭᠤᠷᠢᠨ ᠳᠤ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠶᠠᠷᠢᠶ᠎ᠠ ᠢᠯᠡᠳᠬᠡᠯ ᠬᠢᠵᠦ᠂ ᠲᠣᠭᠤᠷᠢᠭ ᠰᠢᠷᠡᠭᠡᠨ ᠳᠤ ᠶᠠᠷᠢᠯᠴᠠᠵᠤ᠂ ᠰᠠᠯᠪᠤᠷᠢ ᠱᠤᠭᠤᠮ ᠤᠨ ᠠᠭᠠᠷ ᠠᠶᠠᠯᠠᠯ ᠤᠨ ᠬᠥᠭᠵᠢᠯᠲᠡ᠂ ᠠᠭᠠᠷ ᠠᠶᠠᠯᠠᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ ᠰᠡᠳᠭᠢᠮᠵᠢ ᠪᠠᠨ ᠥᠷᠭᠡᠳᠬᠡᠪᠡ᠃      ᠶᠠᠩ ᠶᠢᠨ᠂ ᠥᠪᠥᠷ ᠮᠣᠩᠭᠤᠯ ᠠᠷᠠᠳ ᠤᠨ ᠠᠭᠠᠷ ᠠᠶᠠᠯᠠᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠰᠠᠯᠪᠤᠷᠢ ᠱᠤᠭᠤᠮ ᠤᠨ ᠨᠡᠪᠲᠡᠷᠡᠯ︾᠎ ᠤᠨ ᠲᠣᠣᠷ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠳᠠᠭᠤᠷᠢᠶᠠᠮᠠᠯ ᠠᠭᠠᠷ ᠠᠶᠠᠯᠠᠯ︾᠎ ᠤᠨ ᠰᠢᠨ᠎ᠡ ᠶᠢ ᠡᠭᠦᠳᠴᠦ᠂ ︽ᠰᠠᠯᠪᠤᠷᠢ ᠱᠤᠭᠤᠮ ᠲᠦᠷᠭᠡᠨ ᠱᠤᠭᠤᠮ︾᠎ ᠢ ᠨᠢᠭᠲᠠᠷᠠᠭᠤᠯᠵᠤ᠂ ︽ᠭᠤᠣᠯ ᠪᠠ ᠰᠠᠯᠪᠤᠷᠢ ᠱᠤᠭᠤᠮ ᠬᠤᠯᠪᠣᠭᠠᠯᠠᠨ ᠬᠥᠳᠡᠯᠦᠯᠴᠡᠬᠦ︾᠎ ᠶᠢ ᠴᠢᠩᠭᠠᠳᠬᠠᠨ᠎ᠠ᠃ ᠨᠡᠶᠢᠳᠡᠮ ᠬᠡᠷᠡᠭᠯᠡᠭᠡᠨ ᠤ ᠠᠭᠠᠷ ᠠᠶᠠᠯᠠᠯ᠂ ᠳᠣᠣᠷ᠎ᠠ ᠠᠭᠠᠷ ᠤᠨ ᠠᠵᠤ ᠠᠬᠤᠶ ᠶᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠪᠣᠯᠭᠠᠨ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠠᠭᠠᠷ ᠠᠶᠠᠯᠠᠯ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠠᠭᠠᠷ ᠠᠶᠠᠯᠠᠯ ᠤᠨ ᠬᠦᠷᠢᠶᠡᠨ ᠳᠠᠬᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠶᠢᠵᠢᠭᠤᠯᠣᠨ᠎ᠠ ᠭᠡᠵᠦ ᠵᠢᠭᠠᠵᠤ ᠭᠠᠷᠭᠠᠪᠠ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ