ᠡᠵᠡᠨ ᠬᠤᠷᠤᠭ᠎ᠠ ᠬᠤᠰᠢᠭᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠣ ᠬᠠᠤᠯᠢ ᠲᠦᠷᠢᠮ ᠢ ᠵᠥᠷᠢᠴᠡᠭᠰᠡᠨ 119 ᠪᠠᠷᠢᠯᠭ᠎ᠠ ᠶᠢ ᠨᠤᠷᠠᠭᠠᠪᠠ
ᠨᠡᠶᠢᠲᠡᠯᠡᠭᠰᠡᠨ ᠴᠠᠭ᠄
2024/7/5
      ᠡᠵᠡᠨ ᠬᠤᠷᠤᠭ᠎ᠠ ᠬᠤᠰᠢᠭᠤᠨ ᠤ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠮᠬᠢ ᠳᠢᠭᠯᠢᠮ ᠢ ᠬᠠᠤᠯᠢ ᠶᠣᠰᠣᠭᠠᠷ ᠵᠢᠷᠤᠮᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠠᠯᠲᠠᠨᠰᠢᠷᠡᠭᠡᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠣᠷᠣᠨ ᠰᠠᠭᠤᠴᠠ᠂ ᠭᠡᠷ ᠪᠠᠶᠢᠰᠢᠩ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠬᠦᠯᠦᠨ ᠪᠠᠶᠢᠴᠠᠭᠠᠬᠤ ᠳᠤᠭᠤᠶᠢᠯᠠᠩ  ᠪᠠᠶᠢᠭᠤᠯᠵᠣ᠂  ᠰᠠᠭᠤᠭᠠᠯᠢ ᠠᠷᠠᠳ ᠤᠨ ᠲᠣᠭᠤᠷᠢᠭ ᠲᠤ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠵᠡᠷᠭᠡ ᠬᠠᠤᠯᠢ ᠳᠦᠷᠢᠮ ᠢ ᠵᠦᠷᠢᠴᠡᠭᠰᠡᠨ ᠪᠠᠷᠢᠯᠭ᠎ᠠ ᠎ ᠶᠢ ᠬᠤᠭᠤᠴᠠᠭ᠎ᠠ ᠬᠢᠵᠠᠭᠠᠷᠯᠠᠨ ᠨᠤᠷᠠᠭᠠᠬᠤ  ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠪᠡ᠃       ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ᠂ ᠬᠠᠤᠯᠢ ᠬᠡᠷᠡᠭᠵᠢᠭᠦᠯᠬᠦ ᠠᠵᠢᠯᠲᠠᠳ ︽ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ︾ ᠣᠶᠢᠯᠠᠭᠠᠭᠳᠠᠬᠤᠨ ᠎ ᠢᠶᠠᠷ᠂ ︽ᠵᠢᠷᠭᠤᠭᠠᠨ ᠠᠯᠬᠤᠮ︾᠎ ᠤᠨ ᠠᠵᠢᠯ ᠤᠨ ᠠᠷᠭ᠎ᠠ ᠪᠠᠷ ᠳᠠᠮᠵᠢᠭᠤᠯᠤᠨ᠂ ᠬᠠᠤᠯᠢ ᠶᠣᠰᠣᠭᠠᠷ ᠡᠯ᠎ᠡ ᠲᠥᠷᠥᠯ ᠤᠨ ᠬᠠᠣᠯᠢ ᠳᠦᠷᠢᠮ ᠢ ᠵᠦᠷᠷᠢᠴᠡᠭᠰᠡᠨ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠨ  ᠵᠠᠰᠠᠭᠰᠠᠨ ᠪᠠᠶᠢᠨ᠎ᠠ᠃       ᠬᠠᠮᠲᠤᠷᠠᠨ ᠬᠠᠤᠯᠢ ᠬᠡᠷᠡᠭᠵᠢᠬᠦᠯᠦᠨ ᠪᠠᠶᠢᠴᠠᠭᠠᠬᠤ ᠳᠤᠭᠤᠶᠢᠯᠠᠩ ᠨᠢ ᠠᠳᠠᠯ ᠠᠬᠤᠶ᠂ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠲᠤᠰᠬᠠᠭᠰᠠᠨ ᠢ ᠦᠨᠳᠦᠰᠦᠯᠡᠨ᠂  ᠰᠠᠭᠤᠭᠠᠯᠢ ᠠᠷᠠᠳ ᠤᠨ ᠲᠣᠭᠤᠷᠢᠭ ᠲᠠᠬᠢ ᠬᠠᠤᠯᠢ ᠳᠦᠷᠢᠮ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂   ᠨᠣᠷᠠᠭᠠᠨ ᠠᠷᠢᠯᠭᠠᠬᠤ ᠠᠵᠢᠯ ᠢ ᠠᠯᠬᠤᠮ ᠳᠠᠷᠠᠭ᠎ᠠ ᠲᠠᠢ ᠪᠠᠷ ᠵᠣᠬᠢᠴᠠᠭᠤᠯᠤᠨ ᠦᠷᠨᠢᠭᠦᠯᠦᠭᠰᠡᠨ  ᠪᠠᠶᠢᠨ᠎ᠠ᠃  ᠣᠶᠢᠯᠠᠭᠠᠭᠰᠠᠨ ᠢᠶᠠᠷ ᠂ ᠣᠲᠣ ᠪᠣᠯᠲᠠᠯ᠎ᠠ᠂ ᠰᠢ ᠱᠠᠨ ᠵᠢᠶᠠ ᠶᠤᠸᠠᠨ᠂ ᠰᠢᠨ ᠶᠠ ᠶᠤᠸᠠᠨ᠂ ᠶᠠᠩ ᠭᠤᠸᠠᠩ ᠵᠢᠶᠠ ᠶᠤᠸᠠᠨ᠂ ᠮᠢᠨ ᠶᠤᠸᠠᠢ ᠵᠡᠷᠭᠡ 10 ᠰᠠᠭᠤᠭᠠᠯᠢ ᠠᠷᠠᠳ ᠤᠨ ᠲᠣᠭᠤᠷᠢᠭ ᠤᠨ ᠳᠣᠲᠣᠷ᠎ᠠ ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠨ ᠠᠷᠢᠯᠭᠠᠬᠤ ᠠᠵᠢᠯ ᠢ ᠥᠷᠨᠢᠭᠦᠯᠵᠦ᠂ ᠨᠡᠶᠢᠲᠡ 119  ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠶᠢ ᠨᠤᠷᠠᠭᠠᠨ ᠠᠷᠢᠯᠭᠠᠵᠤ᠂ ᠨᠤᠷᠠᠭᠠᠭᠰᠠᠨ ᠶᠡᠷᠦᠩᠬᠡᠶ ᠲᠠᠯᠠᠪᠠᠶ ᠨᠢ 695.9087 ᠲᠡᠭᠰᠢ ᠳᠥᠷᠪᠡᠯᠵᠢᠨ ᠮᠧᠲᠷ ᠲᠤ ᠬᠦᠷᠴᠡᠶ ᠃       ᠨᠤᠷᠠᠭᠠᠨ ᠠᠷᠢᠯᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ︽ᠬᠥᠮᠥᠡᠯᠢᠭ ᠨᠤᠷᠠᠭᠠᠨ ᠠᠷᠢᠯᠭᠠᠬᠤ︾ ᠵᠠᠷᠴᠢᠮ ᠢ ᠪᠠᠷᠢᠮᠲᠠᠯᠠᠵᠤ᠂ ᠥᠮᠴᠢᠲᠡᠨ ᠢ ᠨᠤᠷᠠᠭᠠᠨ ᠠᠷᠢᠯᠭᠠᠬᠤ ᠠᠵᠢᠯ ᠳᠤ  ᠤᠷᠤᠯᠴᠠᠭᠤᠯᠵᠤ᠂ ᠥᠮᠴᠢᠲᠡᠨ ᠤ ᠬᠤᠪᠢ ᠬᠥᠮᠦᠨ ᠤ ᠡᠳ᠋ ᠪᠣᠳᠠᠰ ᠤᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠬᠤ ᠶᠢᠨ ᠬᠠᠮᠲᠤ ᠨᠤᠷᠠᠭᠠᠨ ᠠᠷᠢᠯᠭᠠᠭᠰᠠᠨ ᠲᠡᠮᠳᠡᠭᠯᠡᠯ ᠤᠨ ᠡᠬᠡ ᠲᠠᠩᠰᠠ ᠶᠢ ᠰᠠᠶᠢᠲᠤᠷ ᠬᠢᠵᠦ᠂ ᠬᠠᠤᠯᠢ ᠳᠦᠷᠢᠮ ᠠᠴᠠ ᠵᠥᠷᠢᠴᠡᠵᠦ ᠪᠠᠶᠢᠭᠤᠯᠤᠭᠰᠠᠨ ᠣᠷᠣᠨ ᠪᠦᠰᠡ ᠶᠢᠨ ᠤᠤᠯ ᠳᠦᠷᠰᠦ ᠪᠠᠶᠢᠳᠠᠯ ᠢ ᠪᠥᠬᠦ ᠬᠦᠴᠦᠨ ᠢᠶᠠᠷ ᠢᠶᠠᠨ  ᠰᠡᠷᠭᠦᠭᠡᠵᠡᠢ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡ ᠯᠡ ᠠᠮᠢᠰᠬᠤᠭ᠎ᠠ ᠪᠠᠷ ᠪᠦᠬᠦᠨ ᠢ ᠨᠤᠷᠠᠭᠠᠬᠤ ᠶᠢ ᠦᠷᠭᠦᠯᠵᠢᠯᠡᠨ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠬᠠᠷᠢᠶ᠎ᠠ ᠣᠷᠣᠨ ᠤ ᠳᠣᠲᠣᠷᠠᠬᠢ ᠬᠠᠤᠯᠢ ᠳᠦᠷᠢᠮ ᠢ ᠵᠦᠷᠢᠴᠡᠨ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠶᠢ ᠨᠣᠷᠠᠭᠠᠬᠤ ᠳᠤ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ  ᠲᠤᠰᠬᠠᠶ ᠴᠡᠭᠴᠡᠯᠡᠨ ᠵᠠᠰᠠᠬᠤ ᠠᠵᠢᠯ ᠢ ᠶᠡᠭᠡ ᠪᠠᠷ᠂ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠠᠷᠢᠯᠭᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠪᠠᠷ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ