ᠳᠡᠭᠡᠷ᠎ᠡ ᠬᠠᠭᠠᠰ ᠵᠢᠯ ᠳᠤ ᠡᠵᠡᠨ ᠬᠤᠷᠤᠭ᠎ᠠ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/7/5
       ᠭᠤᠷᠪᠠᠨ ᠠᠵᠤ ᠦᠢᠯᠡᠰ ᠬᠤᠶᠠᠷ ᠳᠡᠭᠡᠭᠰᠢᠯᠡᠵᠦ ᠨᠢᠭᠡ ᠪᠠᠭᠤᠷᠠᠪᠠ       ᠲᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 18.1 %᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠭᠤᠷᠪᠠᠨ ᠠᠵᠤ  ᠦᠢᠯᠡᠰ ᠠᠴᠠ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.3 %᠎ ᠪᠠᠷ ᠪᠠᠭᠤᠷᠠᠪᠠ︔ ᠬᠤᠶᠠᠳᠤᠭᠠᠷ ᠠᠵᠤ  ᠦᠢᠯᠡᠰ ᠤᠨ ᠪᠠᠯᠠ ᠣᠷᠣᠭᠤᠯᠤᠯᠲᠠ 12.3 % ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 10.6 ᠵᠠᠭᠤᠨ ᠤ ᠴᠡᠭ ᠳᠠᠶᠢᠴᠢᠯᠠᠪᠠ︔ ᠭᠤᠷᠪᠠᠳᠤᠭᠠᠷ ᠠᠵᠤ  ᠦᠢᠯᠡᠰ ᠤᠨ ᠪᠠᠯᠠ ᠣᠷᠣᠭᠤᠯᠤᠯᠲᠠ 66 . 9 %᠎ ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 7.8 ᠵᠠᠭᠤᠨ ᠤ ᠴᠡᠭ ᠳᠠᠶᠢᠴᠢᠯᠠᠪᠠ᠃      ᠭᠤᠷᠪᠠᠨ ᠶᠡᠭᠡ ᠬᠦᠷᠢᠶᠡᠨ ᠤ ᠬᠢᠨ ᠪᠦᠬᠦ ᠲᠠᠯ᠎ᠠ ᠪᠠᠷ ᠨᠡᠮᠡᠭᠳᠡᠪᠡ     ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14. 2 %᠎ ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 8.5 ᠵᠠᠭᠤᠨ ᠤ ᠴᠡᠭ ᠳᠠᠶᠢᠴᠢᠯᠠᠪᠠ︔ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 36.8 %᠎ ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 5.2 ᠵᠠᠭᠤᠨ ᠤ ᠴᠡᠭ ᠳᠠᠶᠢᠴᠢᠯᠠᠪᠠ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 76 %᠎ ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 5.7 ᠵᠠᠭᠤᠨ ᠤ ᠴᠡᠭ ᠳᠠᠶᠢᠴᠢᠯᠠᠪᠠ᠃     ᠠᠷᠠᠳ ᠤᠨ ᠪᠡᠯᠡ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠪᠡ     ᠲᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 76 %᠎ ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠎ ᠠᠴᠠ 57.9 ᠵᠠᠭᠤᠨ ᠤ ᠴᠡᠭ ᠥᠨᠳᠥᠷ ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 21 ᠵᠠᠭᠤᠨ ᠤ ᠴᠡᠭ ᠳᠠᠶᠢᠴᠢᠯᠠᠪᠠ᠃ ᠠᠵᠢᠯ ᠲᠥᠷᠥᠯ ᠠᠴᠠ ᠠᠪᠴᠤ ᠦᠵᠡᠪᠡᠯ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ  ᠦᠢᠯᠡᠳᠬᠦ ᠦᠢᠯᠡᠰ ᠤᠨ ᠠᠷᠠᠳ ᠤᠨ ᠪᠠᠯᠠ ᠣᠷᠣᠭᠤᠯᠤᠯᠲᠠ 64.9 %᠎ ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠷᠠᠳ ᠤᠨ ᠳᠤᠮᠳᠠᠬᠢ ᠪᠠᠯᠠ ᠣᠷᠣᠭᠤᠯᠤᠯᠲᠠ 387.1 %᠎ ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ  ᠦᠢᠯᠡᠰ ᠤᠨ ᠠᠷᠠᠳ ᠤᠨ ᠪᠠᠯᠠ ᠣᠷᠣᠭᠤᠯᠤᠯᠲᠠ 172.5 %᠎ ᠪᠠᠷ ᠨᠡᠮᠡᠭᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ