5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︕ ᠡᠵᠡᠨ ᠬᠤᠷᠤᠭ᠎ᠠ ᠬᠤᠰᠢᠭᠤ ᠪᠠᠰᠠ ᠨᠢᠭᠡᠨ ᠳᠡᠭᠡᠳᠦ ᠲᠠᠰ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠠᠷᠢᠯᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/7/6
      ᠤᠶᠢᠷ᠎ᠠ ᠳᠤ᠂ ᠣᠷᠳᠣᠰ ᠤᠨ ᠲᠦᠩ ᠯᠦᠸᠧ ᠸᠠᠨ ᠲᠠᠯᠠᠪᠠᠶ ᠶᠢᠨ ᠲᠥᠷᠥᠯ  ᠵᠣᠶᠢᠯ ᠪᠠᠷᠢᠯᠭ᠎ᠠ ᠡᠬᠢᠯᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠤ ᠶᠦᠨ᠂ ᠰᠢᠶᠠᠩᠭᠠᠩ ᠤᠨ ᠲᠦᠩ ᠯᠦᠸᠧ ᠸᠠᠨ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠴᠧᠨ ᡁᠢ᠂ ᠰᠢᠩ ᠲᠠᠢ ᠠᠵᠢᠯ ᠲᠥᠷᠥᠯ ᠤᠨ ᠪᠦᠯᠦᠭᠯᠡᠯ ᠤᠨ ᠶᠡᠷᠦᠩᠬᠡᠶ ᠵᠠᠬᠢᠷᠤᠭᠴᠢ ᠭᠤᠤ ᠭᠦᠸᠧ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠠᠨ ᠵᠢᠶᠦ᠋ᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠢᠶᠠᠨ ᠹᠧᠨ ᠴᠢᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠦᠶ ᠵᠡᠷᠭᠡ ᠬᠤᠲᠠ ᠬᠤᠰᠢᠭᠤᠨ ᠤ ᠤᠳᠤᠷᠢᠳᠤᠯᠭ᠎ᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠭᠡᠷᠡᠴᠢᠯᠡᠵᠡᠶ᠃       ᠯᠢ ᠬᠦᠢ᠂ ᠭᠤᠤ ᠭᠦᠸᠧ ᠳ᠋ᠦᠩ᠂ ᠴᠧᠨ ᡁᠢ ᠲᠤᠰ ᠲᠤᠰ ᠪᠠᠶᠠᠷ ᠤᠨ ᠦᠭᠡ ᠬᠡᠯᠡᠵᠦ᠂ ᠳᠠᠷᠠᠭ᠎ᠠ ᠨᠢ ᠯᠢ ᠬᠦᠢ᠂ ᠭᠤᠤ ᠭᠦᠸᠧ ᠳ᠋ᠦᠩ ᠪᠣᠯᠤᠨ ᠰᠢᠶᠠᠩᠭᠠᠩ ᠤᠨ ᠲᠦᠩ ᠯᠦᠸᠧ ᠸᠠᠨ ᠪᠦᠯᠦᠭᠯᠡᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠲᠥᠪ ᠤᠨ ᠶᠡᠷᠦᠩᠬᠡᠢ ᠵᠠᠬᠢᠷᠤᠭᠴᠢ ᠨᠦᠩ ᠭᠤᠤ ᠵᠢᠶᠠᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠤᠷᠳᠤᠰ ᠤᠨ ᠲᠦᠩ ᠯᠦᠸᠧ ᠸᠠᠨ ᠲᠠᠯᠠᠪᠠᠢ ᠶᠢᠨ ᠲᠦᠷᠦᠯ ᠵᠦᠢᠯ ᠢ ᠬᠠᠮᠲᠤᠪᠠᠷ ᠡᠬᠢᠯᠡᠭᠦᠯᠦᠭᠰᠡᠨ ᠪᠥᠭᠡᠳ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠲᠤᠬᠠᠢ ᠶᠢᠨ ᠲᠠᠯᠠᠪᠠᠢ ᠶᠢ ᠲᠣᠭᠤᠷᠢᠨ ᠦᠵᠡᠪᠡ᠃      ᠣᠶᠢᠯᠠᠭᠠᠭᠰᠠᠨ ᠢᠶᠠᠷ᠂ ᠰᠢᠶᠠᠩᠭᠠᠩ ᠤᠨ ᠲᠦᠩ ᠯᠦᠸᠧ ᠸᠠᠨ ᠪᠦᠯᠦᠭᠯᠡᠯ ᠪᠣᠯ ᠤᠯᠤᠰ ᠤᠨ ᠳᠣᠲᠣᠭᠠᠳᠤ ᠶᠢᠨ ᠲᠤᠮᠤ ᠬᠡᠯᠡᠪᠡᠷᠢ ᠶᠢᠨ ᠬᠤᠳᠠᠯᠳᠤᠭᠠᠨ ᠤ ᠭᠠᠵᠠᠷ ᠬᠥᠷᠥᠩᠭᠡ ᠶᠢᠨ ᠠᠵᠢᠯ ᠲᠥᠷᠥᠯ ᠤᠨ ᠴᠢᠬᠤᠯᠠ ᠰᠠᠭᠤᠷᠢᠯᠠᠭᠴᠢ ᠮᠥᠨ᠂ ᠲᠦᠩ ᠯᠦᠸᠧ ᠸᠠᠨ ᠠᠭᠤᠳᠠᠮ ᠲᠠᠯᠠᠪᠠᠶ ᠨᠢ ᠪᠥᠬᠦ ᠤᠯᠤᠰ ᠤᠨ 25 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ 147 ᠬᠤᠲᠠ ᠳᠤ ᠲᠠᠷᠬᠠᠵᠤ ᠪᠠᠶᠢᠨ᠎ᠠ᠃ ᠲᠣᠰ ᠤᠳᠠᠭ᠎ᠠ ᠡᠬᠢᠯᠡᠨ ᠪᠥᠲᠥᠭᠡᠨ ᠪᠠᠶᠢᠭᠤᠯᠤᠭᠰᠠᠨ ᠣᠷᠳᠣᠰ ᠤᠨ ᠲᠦᠩ ᠯᠦᠸᠧ ᠸᠠᠨ ᠠᠭᠤᠳᠠᠮ ᠲᠠᠯᠠᠪᠠᠶ ᠪᠣᠯ ᠨᠠᠷᠠᠲᠤ ᠦᠢᠯᠡᠳᠬᠦᠨ ᠎ ᠤ ᠬᠤᠳᠠᠯᠳᠤᠭ᠎ᠠ᠂ ᠰᠡᠯᠡᠭᠦᠴᠡᠯ ᠵᠤᠭ᠎ᠠ ᠴᠡᠩᠭᠡᠯ ᠵᠡᠷᠭᠡ ᠡᠵᠡᠩᠨᠡᠯᠲᠡ ᠶᠢᠨ ᠬᠡᠯᠪᠡᠷᠢ  ᠶᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠳᠡᠭᠡᠳᠦ ᠲᠠᠰ ᠤᠨ ᠪᠡᠶᠡᠴᠢᠯᠡᠨ ᠣᠶᠢᠯᠠᠭᠠᠬᠤ ᠮᠠᠶ᠋ᠢᠭ ᠤᠨ ᠬᠤᠳᠠᠯᠳᠤᠭᠠᠨ ᠤ ᠶᠡᠷᠦᠩᠬᠡᠶ ᠴᠣᠭᠴᠠ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5 ᠳ᠋ᠦᠩᠰᠢᠭᠤᠷ ᠲᠥᠭᠦᠷᠢᠭ ᠪᠠᠶᠢᠵᠤ᠂ ᠪᠠᠶᠢᠷᠢᠰᠢᠯ ᠨᠢ ᠰᠢᠩ ᠲᠠᠢ ᠬᠤᠳᠠᠯᠳᠤᠭᠠᠨ ᠤ ᠲᠠᠯᠠᠪᠠᠢ ᠳᠤ ᠪᠠᠶᠢᠵᠣ ᠂ ᠡᠵᠡᠯᠡᠬᠦ ᠲᠠᠯᠠᠪᠠᠢ ᠨᠢ 8.4 ᠲᠦᠮᠡᠨ ᠲᠡᠭᠰᠢ ᠳᠥᠷᠪᠡᠯᠵᠢᠨ ᠮᠧᠲᠷ ᠪᠣᠢ᠃ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠥᠬᠦ ᠬᠤᠲᠠ ᠶᠢᠨ 30 ᠠᠩᠬᠠᠨ ᠤ ᠳᠡᠯᠭᠡᠭᠦᠷ ᠤᠨ ᠨᠠᠷᠠᠲᠤ ᠲᠡᠮᠳᠡᠭᠲᠦ ᠶᠢ ᠪᠠᠭᠲᠠᠭᠠᠭᠰᠠᠨ 240 ᠳᠤᠮᠳᠠ ᠳᠡᠭᠡᠳᠦ ᠲᠠᠰ ᠤᠨ ᠨᠠᠷᠠᠲᠤ ᠲᠡᠮᠳᠡᠭᠲᠦ ᠶᠢ ᠣᠷᠣᠭᠤᠯᠤᠨ ᠠᠪᠴᠢᠷᠠᠵᠤ᠂ ᠵᠢᠯ ᠤᠨ ᠡᠵᠡᠩᠨᠡᠯᠲᠡ ᠶᠢᠨ ᠲᠤᠭ᠎ᠠ ᠨᠢ 15 ᠳ᠋ᠦᠩᠰᠢᠭᠤᠷ ᠲᠥᠭᠦᠷᠢᠭ ᠲᠤ ᠬᠦᠷᠴᠦ᠂ 2000 ᠬᠥᠮᠦᠨ ᠤ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ᠃       ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠣᠲᠣ ᠦᠶ᠎ᠡ ᠶᠢᠨ ᠦᠢᠯᠡᠴᠢᠯᠡᠭᠡᠨ ᠤ  ᠦᠢᠯᠡᠰ ᠢ ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠤᠯᠠᠭᠠᠨᠮᠦ᠋ᠷᠡᠨ ᠤ ᠡᠮᠦᠨ᠎ᠡ ᠡᠷᠭᠢ ᠳᠠᠭᠠᠤ ᠶᠢᠨ ᠠᠵᠤ ᠠᠬᠤᠶ ᠶᠢᠨ ᠪᠦᠰᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠳ᠋ᠦᠩ ᠹᠠᠩ ᠮᠠᠨ ᠯᠧ ᠴᠸᠡᠭ᠂ ᠺᠠᠶ ᠶᠤᠸᠠᠨ ᠠᠭᠤᠳᠠᠮ ᠲᠠᠯᠠᠪᠠᠶ ᠵᠡᠷᠭᠡ ᠨᠢᠭᠡ ᠪᠦᠯᠦᠭ ᠴᠢᠨᠠᠷ ᠰᠠᠶᠢᠲᠠᠶ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠣᠷᠣᠭᠤᠯᠤᠨ ᠠᠪᠴᠢᠷᠠᠵᠤ᠂ ᠳᠤᠮᠳᠠ ᠳᠡᠭᠡᠳᠦ ᠲᠠᠰ ᠤᠨ ᠬᠡᠷᠡᠭᠯᠡᠭᠡᠨ ᠤ  ᠦᠢᠯᠡᠳᠭᠦᠨ ᠪᠠ  ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠨᠠᠩ ᠣᠯᠠᠨ ᠥᠪᠡᠷᠮᠢᠴᠡ᠂ ᠣᠯᠠᠨ ᠲᠠᠰ ᠳᠠᠪᠬᠤᠷᠭ᠎ᠠ ᠶᠢᠨ᠂ ᠴᠢᠨᠠᠷ ᠰᠠᠶᠢᠲᠠᠶ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠨᠠᠩ ᠣᠯᠠᠨ ᠪᠡᠶᠡᠴᠢᠯᠡᠨ ᠣᠶᠢᠯᠠᠭᠠᠬᠤ᠂ ᠶᠠᠰᠤ ᠴᠢᠨᠠᠷ ᠢᠶᠠᠷ ᠨᠠᠩ ᠥᠨᠳᠥᠷ᠂ ᠨᠠᠷᠠᠲᠤ ᠲᠡᠮᠳᠡᠭ ᠢᠶᠠᠷ ᠨᠠᠩ ᠰᠢᠯᠢᠳᠡᠭ ᠬᠡᠷᠡᠭᠯᠡᠭᠡᠨ ᠤ ᠲᠡᠷᠢᠭᠦᠨ ᠰᠣᠩᠭᠤᠯᠲᠠ ᠶᠢᠨ ᠭᠠᠵᠠᠷ ᠢ ᠪᠦᠳᠦᠭᠡᠨ ᠪᠠᠶᠢᠭᠤᠯᠤᠨ᠎ᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ