ᠴᠢᠶᠣᠤ ᠰᠢᠶᠤᠤ ᠵᠢᠶᠦ᠋ᠨ ︽ᠮᠢᠩᠭ᠎ᠠ ᠲᠦᠮᠡ ᠶᠢᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠬᠤᠰᠢᠭᠤ ᠳᠠᠷᠤᠭ᠎ᠠ ᠴᠢᠶᠣᠤ ᠰᠢᠶᠤᠤ ᠵᠢᠶᠦ᠋ᠨ ︽ᠮᠢᠩᠭ᠎ᠠ ᠲᠦᠮᠡ ᠎ ᠶᠢᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠪᠥᠬᠦ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾᠎ ᠢ ᠰᠤᠷᠤᠯᠴᠠᠨ ᠬᠡᠷᠡᠭᠯᠡᠬᠦ ᠲᠤᠷᠰᠢᠯᠭ᠎ᠠ ᠶᠢᠨ ᠪᠣᠯᠪᠠᠰᠤᠷᠠᠯ ᠤᠨ ᠠᠩᠭᠢ ᠶᠢᠨ  ᠲᠤᠬᠠᠶ ᠶᠢᠨ  ᠲᠠᠯᠠᠪᠤᠷ ᠲᠤ ᠲᠤᠭᠤᠷᠢᠨ ᠦᠵᠡᠬᠦ ᠪᠡᠯᠡᠳᠭᠡᠯ ᠠᠵᠢᠯ ᠳᠤ ᠲᠣᠬᠢᠷᠠᠭᠤᠯᠤᠯᠲᠠ ᠬᠢᠪᠡ᠃      ᠴᠢᠶᠣᠤ ᠰᠢᠶᠤᠤ ᠵᠢᠶᠦ᠋ᠨ ᠤᠷᠢᠳ ᠬᠤᠵᠢᠳ ᠬᠤᠨᠢᠴᠢᠨᠭᠤᠤᠯ ᠪᠠᠯᠭᠠᠰᠤᠨ ᠤ ᠤᠯᠠᠭᠠᠨ ᠨᠠᠭᠤᠷ ᠲᠣᠰᠬᠤᠨ᠂ ᠨᠠᠷᠢᠨᠰᠢᠯᠢ ᠲᠣᠰᠬᠤᠨ᠂ ᠮᠧᠩ ᠲᠠᠢ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ᠂ ᠡᠵᠡᠨ ᠬᠤᠷᠤᠭ᠎ᠠ ᠪᠠᠯᠭᠠᠰᠤᠨ ᠤ ᠯᠤᠩᠬᠤ ᠶᠢᠨ ᠵᠡᠪᠡ ᠲᠣᠰᠬᠤᠨ ᠪᠣᠯᠤᠨ ᠤᠯᠠᠭᠠᠨᠮᠦ᠋ᠷᠡᠨ ᠪᠠᠯᠭᠠᠰᠤᠨ ᠤ ᠬᠠᠰᠢᠶᠠᠲᠤ ᠲᠣᠰᠬᠤᠨ ᠳᠤ ᠬᠦᠷᠴᠦ᠂ ᠬᠤᠶᠠᠳᠤᠭᠠᠷ ᠠᠵᠤ ᠦᠢᠯᠡᠰ ᠤᠨ ᠨᠢᠭᠡᠳᠦᠭᠡᠷ ᠠᠵᠤ ᠦᠢᠯᠡᠰ ᠎ ᠢ ᠲᠠᠶᠢᠴᠢᠯᠠᠬᠤ᠂ ᠲᠠᠷᠢᠶᠠᠯᠠᠩ  ᠠᠵᠤ ᠠᠬᠤᠢ ᠪᠠ ᠰᠣᠶᠣᠯ ᠵᠢᠭᠤᠯᠴᠢᠯᠠᠯ ᠤᠨ ᠠᠭᠤᠰᠤᠯᠴᠠᠯ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠪᠢᠴᠢᠯ ᠠᠵᠤ ᠠᠬᠤᠢ ᠶᠢᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠴᠢᠶᠣᠤ ᠰᠢᠶᠤᠤ ᠵᠢᠶᠦ᠋ᠨ ᠬᠡᠯᠡᠬᠦ ᠳᠡᠭᠡᠨ᠂ ᠡᠯ᠎ᠡ ᠪᠠᠯᠭᠠᠰᠤ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ ᠂ ᠲᠣᠰ ᠪᠡᠶ᠎ᠡ ᠶᠢᠨ ᠳᠠᠪᠠᠭᠤᠯᠢᠭ ᠡᠬᠢ ᠪᠠᠶᠠᠯᠢᠭ ᠪᠠ ᠭᠠᠵᠠᠷ ᠵᠦᠶ ᠶᠢᠨ ᠪᠠᠶᠢᠷᠢ ᠳᠤ ᠪᠠᠨ ᠲᠦᠰᠢᠭᠯᠡᠨ᠂ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠪᠠᠨ ᠰᠢᠨᠡᠴᠢᠯᠡᠵᠦ᠂  ᠬᠠᠷ᠎ᠠ ᠡᠯᠵᠢᠭᠡ᠂ ᠠᠯᠠᠰᠢᠨ ᠦᠬᠡᠷ᠂ ᠢᠳᠡᠰᠢᠨ ᠲᠠᠤᠯᠠᠢ ᠵᠡᠷᠭᠡ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠵᠤ᠂  ᠤᠷᠤᠨ ᠨᠤᠳᠤᠭ ᠤᠨ ᠨᠠᠷᠠᠲᠤ ᠲᠡᠮᠳᠡᠭ ᠢ ᠡᠭᠦᠳᠴᠦ᠂ ᠮᠠᠯᠴᠢᠨ ᠲᠠᠷᠢᠶᠠᠴᠢᠨ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠶ᠃ ᠰᠢᠨ᠎ᠡ ᠡᠨᠧᠷᠭᠢ᠂ ᠰᠢᠨ᠎ᠡ ᠮᠡᠷᠭᠡᠵᠢᠯ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠮᠠᠯᠴᠢᠨ ᠲᠠᠷᠢᠶᠠᠴᠢᠨ ᠤ ᠠᠮᠢᠳᠤᠷᠠᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠤᠶᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠢ ᠠᠮᠢᠯᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯᠤᠨ ᠢᠷᠡᠭᠡᠳᠦᠢ ᠶᠢᠨ ᠲᠣᠰᠬᠤᠨ ᠢ ᠪᠠᠶᠢᠭᠤᠯᠬᠤ ᠬᠡᠷᠡᠭᠲᠡᠢ ᠃ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠡᠯᠡᠳᠬᠡᠯ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠲᠣᠭᠤᠷᠢᠨ ᠦᠵᠡᠬᠦ ᠴᠡᠭ ᠢ ᠡᠭᠦᠳᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠡᠵᠡᠨ ᠬᠤᠷᠤᠭ᠎ᠠ ᠬᠤᠰᠢᠭᠤᠨ ᠤ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠬᠦ ᠬᠡᠷᠡᠭᠲᠡᠢ᠃ ᠬᠤᠰᠢᠭᠤᠨ ᠤ ᠤᠳᠤᠷᠢᠳᠤᠯᠭ᠎ᠠ ᠯᠢᠦ ᠰᠢᠶᠤᠤ ᠳ᠋ᠦᠩ ᠵᠢᠴᠢ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ