ᠡᠵᠡᠨ ᠬᠤᠷᠤᠭ᠎ᠠ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ 18 ᠵᠤᠷᠪᠤᠰ ᠠᠷᠭ᠎ᠠ ᠬᠡᠮᠵᠢᠶ᠎ᠡ ᠭᠠᠷᠭᠠᠵᠤ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ | ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠤᠷᠭᠠᠨ ᠬᠥᠮᠦᠵᠢᠯ ᠤᠨ ︽ᠵᠥᠭᠡᠯᠡᠨ | ᠪᠣᠳᠠᠲᠤ ᠬᠦᠴᠦᠨ︾ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠷᠬᠡᠭᠵᠢᠭᠦᠯᠬᠦ ︽ᠬᠠᠲᠠᠭᠤ ᠲᠤᠯᠭᠠᠭᠤᠷᠢᠯᠠᠯ︾ ᠪᠣᠯᠭᠠᠪᠠ᠃ | 18 ᠵᠤᠷᠪᠤᠰ ᠠᠷᠭ᠎ᠠ ᠬᠡᠮᠵᠢᠶ᠎ᠡ ᠄ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠣ᠂ ︽ᠣᠷᠳᠣᠰ | ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠡᠵᠡᠨ ᠬᠤᠷᠤᠭ᠎ᠠ ᠬᠤᠰᠢᠭᠤᠨ ᠤ ᠳᠠᠭᠠᠵᠤ | ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠶᠣᠰᠣᠭᠠᠷ᠂ ︽ᠬᠤᠶᠠᠷ ᠢ | ᠭᠤᠣᠯ ᠪᠣᠯᠭᠠᠬᠤ︾᠂ ︽ᠬᠤᠶᠠᠷ ᠢ ᠣᠷᠣᠭᠤᠯᠬᠤ︾ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠤᠨ | ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠦᠬᠦ ᠬᠦᠴᠦᠨ ᠢᠶᠠᠷ ᠪᠠᠲᠤᠯᠠᠨ᠎ᠠ᠃ | 2. ᠰᠤᠷᠤᠭᠴᠢ ᠶᠢᠨ ᠣᠷᠤᠨ ᠲᠤᠭ᠎ᠠ ᠶᠢ ᠥᠷᠭᠡᠳᠬᠡᠵᠦ᠂ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ᠂ ᠠᠵᠤ | ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠨ᠎ᠠ᠃ | 3. ᠰᠤᠷᠭᠠᠭᠤᠯᠢ ᠳᠤ ᠣᠷᠣᠬᠤ ᠶᠠᠪᠤᠴᠠ ᠶᠢ ᠳᠥᠭᠦᠮᠴᠢᠯᠡᠵᠦ᠂ ᠴᠢᠬᠤᠯᠠ ᠪᠤᠰᠤ ᠭᠤᠭᠴᠤᠭ᠎ᠠ ᠶᠢ ᠴᠥᠭᠡᠳᠬᠡᠵᠦ᠂ ᠲᠥᠷᠥ ᠶᠢᠨ ᠪᠣᠳᠣᠯᠭ᠎ᠠ ᠳᠤ ᠨᠡᠶᠢᠴᠡᠬᠦ | ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠵᠦᠪᠬᠡᠨ ︽ᠮᠥᠩᠬᠡ ᠰᠤᠪᠠᠭ︾ ᠤᠨ APP ᠳᠤ ᠳᠠᠩᠰᠠᠯᠠᠭᠤᠯᠤᠨ | ᠪᠦᠷᠢᠳᠬᠡᠭᠦᠯᠵᠦ᠂ ᠮᠠᠲ᠋ᠧᠷᠢᠶᠠᠯ ᠢ ᠳᠡᠭᠡᠭᠰᠢ ᠳᠠᠮᠵᠢᠭᠤᠯᠪᠠᠯ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢᠭᠡᠳᠦᠯᠲᠡᠶ ᠬᠤᠪᠢᠶᠠᠷᠢᠯᠠᠵᠤ᠂ | ᠬᠡᠷ ᠤᠨ ᠠᠬᠠᠮᠠᠳ ᠨᠢ ᠲᠣᠭᠲᠠᠭᠰᠠᠨ ᠴᠠᠭ ᠤᠨ ᠳᠣᠲᠣᠷ᠎ᠠ APP ᠠᠴᠠ ᠬᠤᠪᠢᠶᠠᠷᠢᠯᠠᠭᠰᠠᠨ ᠳ᠋ᠦᠡᠭ ᠢ ᠯᠠᠪᠯᠠᠨ ᠦᠵᠡᠵᠦ᠂ ᠰᠢᠭᠤᠳ ᠰᠤᠷᠭᠠᠭᠤᠯᠢ ᠳᠤ ᠬᠦᠷᠭᠡᠨ | ᠨᠡᠷ᠎ᠡ ᠮᠡᠳᠡᠭᠦᠯᠪᠡᠯ ᠪᠤᠯᠣᠨ᠎ᠠ᠃ | 4 . ᠡᠵᠡᠨ ᠬᠤᠷᠤᠭ᠎ᠠ ᠬᠤᠰᠢᠭᠤᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠴᠢᠬᠤᠯᠠ ᠶᠡᠭᠡ ᠲᠥᠷᠥᠯ ᠵᠣᠶᠢᠯ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠷ᠎ᠡ ᠬᠡᠦᠬᠡᠳ᠂ ᠴᠢᠳᠠᠪᠤᠷᠢᠲᠠᠨ ᠤ ᠦᠷ᠎ᠡ ᠬᠡᠦᠬᠡᠳ ᠵᠢᠴᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠦᠷ᠎ᠡ ᠬᠡᠦᠬᠡᠳ ᠲᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠬᠠᠩᠭᠠᠵᠤ᠂ | ᠰᠤᠷᠭᠠᠭᠤᠯᠢ ᠳᠤ ᠣᠷᠣᠬᠤ ᠦᠶ᠎ᠡ ᠳᠤ ᠰᠠᠭᠤᠭ᠎ᠠ ᠭᠠᠵᠠᠷ᠂ ᠣᠷᠣᠨ ᠰᠠᠭᠤᠴᠠ ᠶᠢᠨ ᠪᠠᠶᠢᠳᠠᠯ ᠲᠠᠢ ᠨᠢ ᠤᠶᠠᠯᠳᠤᠭᠤᠯᠤᠨ ᠵᠣᠬᠢᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠣᠯᠭᠤᠨ᠎ᠠ᠃ | 5. ᠪᠦᠯᠦᠭᠯᠡᠯ ᠤᠨ ᠮᠠᠶ᠋ᠢᠭ ᠢᠶᠠᠷ ᠰᠤᠷᠭᠠᠭᠤᠯᠢ ᠡᠷᠭᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣᠬᠢ ᠭᠤᠤᠯᠯᠠᠭᠴᠢ | ᠪᠠᠭᠰᠢ ᠶᠢᠨ ᠰᠢᠯᠵᠢᠯᠲᠡ᠂ ᠺᠠᠳ᠋ᠷ ᠲᠣᠮᠢᠯᠠᠨ ᠰᠣᠯᠢᠯᠴᠠᠬᠤ᠂ ᠬᠢᠴᠢᠶᠡᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠰᠣᠶᠣᠯ ᠤᠨ ᠨᠡᠪᠲᠡᠷᠡᠯᠴᠡᠭᠡ ᠠᠭᠤᠰᠤᠯᠴᠠᠯ ᠢ | ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ ᠭᠠᠳᠠᠨ᠎ᠠ ᠠᠴᠠ | ᠢᠷᠡᠭᠰᠡᠨ ᠠᠵᠢᠯᠴᠢᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ ᠶᠠᠰᠤ ᠴᠢᠨᠠᠷ ᠤᠨ ᠪᠠᠲᠤᠯᠠᠭ᠎ᠠ ᠬᠠᠩᠭᠠᠨ᠎ᠠ᠃ | 6. ᠡᠷᠦᠬᠡ ᠠᠮᠠ ᠣᠷᠣᠬᠤ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠮᠠᠨ ᠤ ᠬᠤᠰᠢᠭᠤᠨ ᠳᠤ ᠡᠷᠦᠬᠡ | ᠠᠮᠠ ᠣᠷᠣᠬᠤ ᠪᠠᠷ ᠭᠤᠶᠤᠴᠢᠯᠠᠪᠠᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠠᠨ ᠤ ᠬᠤᠰᠢᠭᠤᠨ ᠤ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ | ᠦᠨᠳᠦᠰᠦᠯᠡᠨ᠂ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠬᠠᠩᠭᠠᠨ᠎ᠠ᠃ | 7. ᠣᠷᠣᠰᠢᠨ ᠰᠠᠭᠤᠬᠤ ᠦᠨᠡᠮᠯᠡᠯ ᠢ ᠭᠦᠢᠴᠡᠳᠭᠡᠵᠦ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠮᠠᠨ ᠤ | ᠬᠤᠰᠢᠭᠤᠨ ᠳᠤ ᠢᠷᠡᠵᠦ ᠰᠤᠷᠭᠠᠭᠤᠯᠢ ᠳᠤ ᠰᠠᠭᠤᠪᠠᠯ᠂ ᠮᠠᠲ᠋ᠧᠷᠢᠶᠠᠯ ᠲᠤᠰᠢᠶᠠᠬᠤ ᠶᠢ ᠳᠥᠭᠦᠮᠴᠢᠯᠡᠵᠦ᠂ ᠬᠠᠮᠤᠭ ᠤᠨ ᠣᠬᠤᠷ ᠬᠠᠮᠤᠭ ᠤᠨ ᠬᠤᠷᠳᠤᠨ ᠴᠠᠭ ᠢᠶᠠᠷ | ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠳᠤ ᠣᠷᠣᠰᠢᠨ ᠰᠠᠭᠤᠬᠤ ᠦᠨᠡᠮᠯᠡᠯ ᠢ ᠭᠦᠢᠴᠡᠳᠭᠡᠵᠦ ᠥᠭᠭᠦᠨ᠎ᠡ᠃ | 8 . ᠬᠤᠪᠢ ᠬᠤᠷᠠᠮᠳᠤᠭᠤᠯᠵᠤ ᠰᠤᠷᠭᠠᠭᠤᠯᠢ ᠳᠤ ᠣᠷᠣᠬᠤ ᠪᠠᠲᠤᠯᠠᠭ᠎ᠠ ᠶᠢ ᠴᠢᠩᠭᠠᠳᠬᠠᠵᠤ᠂ ︽ᠡᠵᠡᠨ ᠬᠤᠷᠤᠭ᠎ᠠ ᠬᠤᠰᠢᠭᠤᠨ ᠤ ︿ᠳ᠋ᠦᠸᠧ ᠳ᠋ᠦᠸᠧ ᠫᠢᠡᠭ | ᠢ ᠱᠸᠤ ᠪᠠᠨ﹀ ᠳᠠᠪᠴᠠᠩ ᠳᠡᠭᠡᠷᠡᠬᠢ ᠵᠠᠩ ᠮᠣᠷᠠᠯ ᠤᠨ ᠬᠤᠪᠢ ᠬᠤᠷᠠᠮᠳᠤᠭᠤᠯᠵᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠳᠤ ᠬᠦᠴᠦᠨ | ᠨᠡᠮᠡᠷᠢᠯᠡᠬᠦ ᠶᠢᠨ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠰᠤᠷᠤᠭᠴᠢ ᠶᠢᠨ ᠣᠷᠤᠨ ᠲᠤᠭ᠎ᠠ ᠶᠢᠨ ᠬᠡᠯᠪᠡᠷᠢ ᠮᠠᠶ᠋ᠢᠭ ᠤᠨ ᠲᠠᠰ ᠳᠡᠪᠰᠢᠬᠦ ᠳᠤ ᠨᠡᠶᠢᠴᠡᠬᠦ ᠠᠵᠤ | ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠲᠤ ᠰᠤᠷᠤᠭᠴᠢ ᠶᠢᠨ ᠣᠷᠤᠨ ᠲᠤᠭ᠎ᠠ ᠶᠢᠨ ᠬᠡᠯᠪᠡᠷᠢ ᠮᠠᠶ᠋ᠢᠭ ᠢ ᠳᠡᠭᠡᠭᠰᠢᠯᠡᠭᠦᠯᠬᠦ ᠪᠣᠯᠤᠨ᠎ᠠ᠃ | 9 . ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠤᠨ ᠰᠤᠷᠭᠠᠭᠤᠯᠢ ᠳᠡᠪᠰᠢᠬᠦ ᠪᠠᠲᠤᠯᠠᠭ᠎ᠠ ᠶᠢ ᠴᠢᠩᠭᠠᠳᠬᠠᠵᠤ᠂ ︽ | ᠣᠷᠳᠣᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠣᠷᠣᠭᠴᠢ ᠡᠯᠰᠡᠬᠦ ᠠᠵᠢᠯ ᠤᠨ ᠲᠥᠰᠦᠯ︾ ᠢ ᠦᠨᠳᠦᠰᠦᠯᠡᠨ᠂ ᠡᠵᠡᠨ ᠬᠤᠷᠤᠭ᠎ᠠ | ᠬᠤᠰᠢᠭᠤᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠢᠯᠡ ᠪᠠᠷ ᠠᠩᠭᠢ ᠬᠤᠪᠢᠶᠠᠬᠤ ᠳᠤ ᠣᠷᠣᠯᠴᠠᠭᠰᠠᠨ ᠪᠥᠭᠡᠳ ᠰᠤᠷᠭᠠᠭᠤᠯᠢ ᠶᠢᠨ ᠬᠠᠷᠢᠶᠠᠯᠠᠯ ᠨᠢ | ᠪᠦᠬᠦᠯᠢ ᠭᠤᠷᠪᠠᠨ ᠵᠢᠯ ᠪᠤᠶᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠨᠢᠭᠡᠳᠦᠭᠡᠷ ᠰᠤᠷᠤᠯᠭ᠎ᠠ ᠶᠢᠨ ᠬᠤᠭᠤᠴᠠᠭ᠎ᠠ ᠠᠴᠠ ᠡᠮᠦᠨ᠎ᠡ | ᠰᠢᠯᠵᠢᠨ ᠤᠷᠤᠭᠰᠠᠨ ᠪᠥᠭᠡᠳ ᠰᠤᠷᠭᠠᠭᠤᠯᠢ ᠶᠢᠨ ᠬᠠᠷᠢᠶᠠᠯᠠᠯ ᠨᠢ ᠪᠦᠬᠦᠯᠢ ᠬᠤᠶᠠᠷ ᠵᠢᠯ ᠪᠣᠯᠤᠭᠰᠠᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ | ᠲᠣᠰ ᠬᠤᠰᠢᠭᠤᠨ ᠤ ᠰᠢᠯᠭᠠᠭᠤᠯᠤᠭᠴᠢ ᠲᠠᠢ ᠠᠳᠠᠯᠢ ᠲᠡᠭᠰᠢ ᠪᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠨᠡᠷ᠎ᠡ | ᠮᠡᠳᠡᠭᠦᠯᠦᠨ ᠰᠢᠯᠭᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠨ᠎ᠡ᠃ | 10. ︽5 + 2︾ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠬᠵᠢᠭᠤᠯᠣᠨ᠂ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠭᠠᠳᠠᠨ᠎ᠠ ᠠᠴᠠ | ᠢᠷᠡᠭᠰᠡᠨ ᠠᠵᠢᠯᠴᠢᠨ ᠤ ᠦᠷ᠎ᠡ ᠬᠡᠦᠬᠡᠳ ᠲᠤ ᠴᠠᠭ ᠬᠤᠶᠢᠰᠢᠯᠠᠭᠤᠯᠤᠨ ᠨᠠᠶᠢᠳᠠᠨ ᠬᠠᠮᠢᠶᠠᠷᠬᠤ ᠦᠢᠯᠡᠴᠢᠯᠡᠭᠡ ᠶᠢ ᠤᠷᠢᠳ ᠢᠶᠠᠷ ᠬᠠᠩᠭᠠᠵᠤ᠂ ᠪᠣᠶ ᠪᠥᠬᠦᠶ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ 100 % ᠪᠠᠷ ᠪᠦᠷᠬᠦᠭᠦᠯᠬᠦ ᠪᠠ ᠬᠡᠷᠡᠭᠴᠡᠭᠡ ᠲᠠᠢ ᠰᠤᠷᠤᠭᠴᠢᠳ ᠲᠤ 100 % ᠪᠠᠷ ᠪᠦᠷᠬᠦᠭᠦᠯᠬᠦ ᠶᠢ | ᠦᠨᠡᠨ ᠬᠦ ᠪᠠᠲᠤᠯᠠᠨ᠎ᠠ᠃ | 11. ᠰᠤᠷᠭᠠᠭᠤᠯᠢ ᠳᠤ ᠨᠠᠶᠢᠲᠠᠨ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠲᠤ ᠦᠳᠡ ᠶᠢᠨ ᠠᠮᠠᠷᠠᠯᠲᠠ᠂ | ᠦᠳᠡ ᠶᠢᠨ ᠬᠤᠭᠤᠯᠠ ᠪᠠ ᠡᠪᠦᠯ ᠵᠣᠨ ᠤ ᠬᠤᠭᠤᠴᠠᠭᠠᠨ ᠤ ︽ᠨᠠᠶᠢᠳᠠᠨ ᠬᠠᠮᠢᠶᠠᠷᠤᠭᠤᠯᠬᠤ︾ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠡᠪᠦᠯ ᠵᠣᠨ ᠤ | ᠠᠮᠠᠷᠠᠯᠲᠠ ᠶᠢᠨ ᠬᠤᠭᠤᠴᠠᠭᠠᠨ ᠤ ︽1 + N︾ ︵1 ᠵᠣᠶᠢᠯ ᠤᠨ ᠬᠢᠴᠢᠶᠡᠯ ᠲᠥᠷᠥᠯ ᠤᠨ ᠳᠠᠰᠬᠠᠯ ᠳᠠᠭᠠᠭᠠᠯᠭᠠᠪᠤᠷᠢ ᠶᠢᠨ ᠬᠠᠪᠰᠤᠷᠤᠨ ᠵᠢᠯᠣᠭᠤᠳᠣᠯᠭ᠎ᠠ + | ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ︶ ᠦᠢᠯᠡᠴᠢᠯᠡᠭᠡᠨ ᠤ ᠲᠥᠷᠥᠯ ᠵᠣᠶᠢᠯ ᠢ ᠨᠠᠷᠢᠨ ᠨᠢᠮᠪᠠᠶ ᠵᠢᠷᠤᠵᠤ | ᠲᠥᠯᠥᠪᠯᠡᠨ᠂ ᠪᠠᠭᠰᠢ ᠶᠢᠨ ᠡᠩᠨᠡᠭᠡ ᠶᠢ ᠣᠯᠠᠨ ᠶᠠᠩᠵᠤᠴᠢᠯᠠᠨ ᠳᠣᠭᠢᠷᠠᠭᠤᠯᠵᠤ᠂ ᠰᠤᠷᠤᠭᠴᠢᠳ ᠢ ᠬᠠᠪᠰᠤᠷᠤᠨ ᠰᠤᠷᠤᠯᠭ᠎ᠠ ᠳᠡᠭᠡᠷᠡᠬᠢ ᠬᠦᠴᠢᠷ ᠲᠦᠪᠡᠭᠲᠡᠶ | ᠠᠰᠠᠭᠤᠳᠠᠯ ᠢ ᠨᠢ ᠰᠢᠢᠳᠪᠦᠷᠢᠯᠡᠨ ᠥᠭᠴᠦ᠂ ᠡᠯ᠎ᠡ ᠲᠥᠷᠥᠯ ᠤᠨ ᠴᠢᠳᠠᠮᠵᠢᠲᠤ ᠬᠢᠴᠢᠶᠡᠯ ᠤᠨ ᠬᠡᠷ ᠪᠠ ᠲᠠᠯᠠᠪᠠᠶ ᠣᠷᠳᠣᠨ ᠢ ᠨᠡᠭᠡᠭᠡᠵᠦ᠂ ᠰᠤᠷᠤᠭᠴᠢᠳ ᠤᠨ | ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | 12. ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠵᠢᠴᠢ | ᠰᠤᠷᠭᠠᠭᠤᠯᠢ ᠳᠤ ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡᠨ ᠤ ᠵᠢᠭᠠᠨ ᠵᠢᠯᠣᠭᠤᠳᠬᠤ ᠭᠡᠷ ᠭᠠᠷᠭᠠᠵᠤ᠂ ︽ᠪᠦᠬᠦ ᠲᠠᠯ᠎ᠠ ᠶᠢᠨ᠂ ᠪᠦᠬᠦᠯᠢ ᠡᠳᠦᠷ ᠤᠨ᠂ | ᠪᠦᠬᠦᠨ ᠢ ᠬᠠᠮᠤᠷᠤᠭᠰᠠᠨ︾ ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡᠨ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠬᠠᠪᠰᠤᠷᠤᠨ ᠭᠡᠷ | ᠪᠦᠯᠢ ᠶᠢᠨ ᠬᠥᠮᠦᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠤᠨ᠎ᠡ᠃ | 13. ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠵᠠᠯᠠᠭᠤᠴᠤᠳ | ᠪᠠᠭᠠᠴᠤᠳ ᠤᠨ ᠠᠮᠢ ᠨᠠᠰᠤ ᠶᠢ ᠬᠠᠯᠠᠮᠵᠢᠯᠠᠨ ᠬᠠᠶᠢᠷᠠᠯᠠᠬᠤ ︽ᠰᠡᠳᠬᠢᠯ ᠢ ᠳᠤᠯᠠᠭᠠᠴᠠᠭᠤᠯᠬᠤ︾ ᠡᠷᠡᠭᠦᠯ ᠮᠡᠨᠳᠦ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠲᠠᠪᠴᠠᠩ | ᠪᠠᠶᠢᠭᠤᠯᠵᠤ᠂ ︽ᠰᠡᠳᠬᠢᠴᠡ ᠶᠢᠨ ᠡᠷᠡᠭᠦᠯ ᠮᠡᠨᠳᠦ︾ ᠶᠢᠨ ᠥᠷᠲᠡᠭᠡ ᠶᠢ ᠬᠠᠮᠲᠤ ᠪᠠᠷ ᠪᠠᠶᠢᠭᠤᠯᠤᠨ᠂ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠡᠷᠡᠭᠦᠯ | ᠮᠡᠨᠳᠦ ᠶᠢᠨ ᠵᠢᠯᠣᠭᠤᠳᠬᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ | ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃ | 14. ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ ᠪᠥᠷᠢᠨᠰᠢᠬᠦᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠭᠤᠰ ᠮᠥᠩᠭᠦ ᠪᠠᠷ ᠲᠤᠰᠠᠯᠠᠬᠤ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠢ ᠵᠣᠭᠤᠰ ᠮᠥᠩᠭᠦ ᠪᠠᠷ ᠲᠤᠰᠠᠯᠠᠬᠤ ᠪᠠ ᠬᠠᠪᠰᠤᠷᠤᠨ ᠲᠡᠳᠬᠦᠨ᠎ᠡ᠃ | 15. ᠰᠠᠭᠠᠳ ᠦᠭᠡᠢ ᠨᠡᠪᠲᠡᠷᠡᠬᠦ ᠴᠣᠩᠬᠤ ᠨᠡᠭᠡᠭᠡᠵᠦ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠤᠨ | ᠰᠤᠷᠭᠠᠭᠤᠯᠢ ᠳᠤ ᠣᠷᠣᠵᠤ ᠰᠤᠷᠭᠠᠭᠤᠯᠢ ᠰᠢᠯᠵᠢᠬᠦ ᠳᠤ ᠤᠲᠠᠰᠤ ᠪᠠᠷ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠭᠠᠳᠠᠨ᠎ᠠ ᠠᠴᠠ | ᠢᠷᠡᠭᠰᠡᠨ ᠠᠵᠢᠯᠴᠢᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ ᠰᠤᠷᠭᠠᠭᠤᠯᠢ ᠰᠢᠯᠵᠢᠬᠦ ᠳᠤ ᠰᠠᠭᠠᠳ ᠦᠭᠡᠢ ᠳᠠᠩᠰᠠᠯᠠᠬᠤ ᠴᠣᠩᠬᠤᠪᠴᠢ ᠬᠠᠩᠭᠠᠨ᠎ᠠ᠃ | 16. ᠡᠩ ᠤᠨ ᠰᠤᠷᠭᠠᠭᠤᠯᠢ ᠨᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠥᠪ ᠤᠨ ᠪᠠᠶᠢᠭᠤᠯᠤᠯᠲᠠ ᠲᠠᠢ ᠠᠭᠤᠰᠤᠯᠴᠠᠬᠤ ᠶᠢ ᠭᠦᠨᠵᠡᠭᠡᠶ ᠠᠬᠢᠭᠤᠯᠵᠤ᠂ | ᠤᠨᠴᠠᠭᠠᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠷᠠᠭᠤᠯᠤᠨ᠂ ᠤᠨᠴᠠᠭᠠᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠲᠤ ᠴᠢᠨᠠᠷ | ᠰᠠᠶᠢᠲᠠᠶ ᠤᠨᠴᠠᠭᠠᠢ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠨ᠎ᠠ᠃ | 17. ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠲᠤ ᠰᠤᠷᠭᠠᠨ ᠬᠥᠮᠦᠵᠢᠯ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠲᠣᠭᠠᠴᠢᠯᠠᠭᠰᠠᠨ ᠰᠤᠷᠭᠠᠨ ᠬᠥᠮᠦᠵᠢᠯ ᠤᠨ | ᠲᠠᠪᠴᠠᠩ ᠤᠨ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠤᠨ ᠥᠪᠡᠷᠮᠢᠴᠡ ᠰᠤᠷᠤᠯᠴᠠᠯᠭ᠎ᠠ ᠳᠤ | ᠦᠢᠯᠡᠴᠢᠯᠡᠨ᠎ᠡ᠃ | 18. ᠠᠵᠤ ᠠᠬᠤᠶᠢᠯᠠᠯ ᠤᠨ ᠭᠠᠳᠠᠨ᠎ᠠ ᠠᠴᠠ ᠢᠷᠡᠭᠰᠡᠨ ᠠᠵᠢᠯᠴᠢᠨ ᠤ ᠦᠷ᠎ᠡ ᠬᠡᠦᠬᠡᠳ ᠢ ᠬᠠᠯᠠᠮᠵᠢᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠣᠯᠠᠨ ᠵᠣᠶᠢᠯ ᠤᠨ ᠰᠣᠶᠣᠯ ᠤᠨ ᠠᠵᠢᠯᠯᠠᠭ᠎ᠠ ᠶᠢ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠡᠷ ᠪᠦᠯᠢ ᠳᠤ ᠤᠷᠣᠭᠤᠯᠵᠣ᠂ ᠣᠷᠣᠨ | ᠨᠤᠲᠤᠭ ᠤᠨ ᠰᠣᠶᠣᠯ ᠤᠨ ᠲᠠᠨᠢᠯᠲᠠ ᠶᠢᠨ ᠰᠡᠳᠬᠢᠯᠭᠡ ᠶᠢ ᠨᠢ ᠨᠡᠮᠡᠭᠳᠡᠭᠦᠯᠵᠦ᠂ ᠲᠡᠳᠡᠨ ᠢ ᠬᠠᠪᠰᠤᠷᠤᠨ ᠡᠵᠡᠨ ᠬᠤᠷᠤᠭ᠎ᠠ ᠳᠤ ᠠᠭᠤᠰᠬᠠᠨ ᠣᠷᠣᠭᠤᠯᠤᠨ᠎ᠠ᠃ |