| ᠮᠠᠨ ᠤ ᠬᠤᠰᠢᠭᠤᠨ ᠤ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠳᠦᠷᠢ ᠲᠥᠷᠬᠦ ᠪᠠ | ᠴᠢᠨᠠᠷ ᠳᠡᠰ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠤᠶᠤᠮᠰᠤᠭ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠡᠪᠡᠷ ᠲᠡᠭᠰᠢ᠂ ᠡᠮᠬᠢ | ᠵᠢᠷᠤᠮ ᠲᠠᠢ᠂ ᠰᠠᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠵᠡᠨ ᠬᠤᠷᠤᠭ᠎ᠠ ᠬᠤᠰᠢᠭᠤᠨ ᠤ ᠬᠤᠳᠠ ᠶᠢᠨ ᠲᠤᠭᠤᠷᠢᠭ ᠲᠤ 3. | 1—5.1 ᠤ ᠡᠳᠤᠷ ᠪᠤᠯᠳᠠᠯ᠎ᠠ ᠬᠤᠶᠠᠷ ᠰᠠᠷ᠎ᠠ ᠶᠢᠨ ᠬᠤᠭᠤᠴᠠᠭ᠎ᠠ ᠲᠠᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠬᠦ ᠪᠤᠯᠤᠨ᠎ᠠ᠃ | ᠡᠬᠦᠨ ᠳᠤ ᠭᠤᠤᠯᠳᠠᠭᠤ ᠳᠡᠯᠭᠡᠭᠦᠷ ᠤᠨ ᠭᠠᠳᠠᠨ᠎ᠠ ᠵᠠᠮ ᠡᠵᠡᠯᠡᠨ ᠡᠵᠡᠩᠨᠡᠯᠳᠡ ᠬᠢᠬᠦ᠂ ᠦᠨᠡᠮᠯᠡᠯ ᠥᠬᠡᠶ ᠪᠠᠷ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠡᠯᠭᠦᠬᠦ᠂ ᠮᠠᠰᠢᠨᠲᠤ ᠲᠡᠷᠭᠡ ᠪᠠ | ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠵᠡᠷᠭᠡ ᠪᠣᠯᠪᠠᠰᠤᠨ ᠪᠤᠰᠤ ᠤᠶᠢᠯᠡ | ᠠᠵᠢᠯᠯᠠᠭ᠎ᠠ ᠶᠢ ᠢᠯᠡᠴᠢᠯᠡᠬᠦ ᠪᠠᠷ ᠳᠠᠮᠵᠢᠭᠤᠯᠤᠨ᠂ ᠬᠤᠲᠠ ᠶᠢᠨ ᠳᠦᠷᠰᠦ ᠪᠠᠶᠢᠳᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ | ᠡᠯ᠎ᠡ ᠲᠥᠷᠥᠯ ᠤᠨ ᠪᠤᠯᠪᠠᠰᠤᠨ ᠪᠤᠰᠤ ᠤᠶᠢᠯᠡ ᠠᠵᠢᠯᠯᠠᠭ᠎ᠠ ᠶᠢ ᠰᠢᠢᠳᠪᠤᠷᠢᠯᠡᠬᠦ ᠶᠢ ᠠᠬᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠬᠦ ᠪᠤᠯᠤᠨ᠎ᠠ᠃ | |