ᠵᠢᠮᠢᠰ ᠤᠨ ᠬᠦᠷᠢᠶᠡᠯᠡᠩ ᠳᠤ ᠰᠢᠭᠤᠳ ᠨᠡᠪᠲᠡᠷᠡᠭᠦᠯᠭᠡ ᠦᠷᠨᠢᠬᠦᠯᠵᠦ ︽ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ︾  ᠠᠵᠢᠯᠯᠠᠭ᠎ᠠ ᠡᠯᠪᠡᠭ ᠬᠤᠷᠢᠶᠠᠯᠲᠠ ᠶᠢ ᠤᠭᠳᠤᠨ᠎ᠠ
ᠨᠡᠶᠢᠲᠡᠯᠡᠭᠰᠡᠨ ᠴᠠᠭ᠄
2024/8/10
      ᠣᠳᠣᠬᠠᠨ ᠳᠤ ᠶᠠᠭ ᠠᠯᠮᠤᠷᠠᠳ ᠪᠣᠯᠪᠠᠰᠤᠷᠠᠬᠤ ᠤᠯᠠᠷᠢᠯ ᠪᠤᠯᠬᠤᠷ᠂ 8 ᠳ᠋ᠤᠭᠠᠷ ᠰᠠᠷ᠎ᠠ ᠶᠢᠨ 9᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠬᠤᠯᠪᠣᠭᠠᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠷᠢᠶᠠᠯᠠᠩ ᠢ ᠲᠤᠰᠠᠯᠠᠵᠤ ᠬᠡᠷᠡᠭᠯᠡᠭᠡ ᠶᠢ ᠲᠡᠳᠬᠦᠬᠦ ᠰᠢᠭᠤᠳ ᠨᠡᠪᠳᠡᠷᠡᠬᠦᠯᠭᠡ ᠶᠢᠨ ᠠᠵᠢᠯᠯᠠᠭ᠎ᠠ ᠥᠷᠨᠢᠭᠦᠯᠵᠦ᠂ ᠰᠢᠭᠤᠳ ᠨᠡᠪᠲᠡᠷᠡᠭᠦᠯᠬᠦ ᠲᠠᠰᠤᠭ ᠢ ︽ᠲᠠᠷᠢᠶᠠᠨ ᠭᠠᠵᠠᠷ︾᠎ ᠲᠤ ᠨᠡᠭᠦᠯᠭᠡᠵᠦ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠯ ᠤᠨ ᠵᠠᠮ ᠢᠶᠠᠷ ᠵᠠᠮᠨᠠᠬᠤ ᠳᠤ ᠨᠢ ᠬᠦᠴᠦᠨ ᠨᠡᠮᠡᠷᠢᠯᠡᠪᠡ᠃      ᠵᠠᠰᠠᠭ ᠪᠠᠯᠭᠠᠰᠤᠨ ᠤ ᠲᠤᠯᠤᠭᠠᠨ ᠠᠭᠤᠢ ᠲᠣᠰᠬᠤᠨ ᠤ ᠵᠢᠮᠢᠰ ᠤᠨ ᠬᠦᠷᠢᠶᠡᠯᠡᠩ ᠳᠤ ᠤᠶᠢᠷᠠᠳᠬᠤ ᠲᠠᠢ ᠵᠡᠷᠭᠡ ᠮᠤᠳᠤ ᠪᠦᠷᠢ ᠳᠤ ᠰᠠᠯᠠᠭ᠎ᠠ ᠨᠠᠮᠠᠭ᠎ᠠ ᠨᠢ ᠲᠠᠭᠠᠭᠠᠵᠤ ᠶᠠᠳᠠᠨ ᠪᠠᠭᠰᠢᠷᠠᠨ ᠰᠠᠭᠤᠭᠰᠠᠨ ᠤᠯᠠᠭᠠᠨ ᠤᠯᠠᠭᠠᠨ ᠠᠯᠮᠤᠷᠠᠳ ᠬᠦᠮᠤᠰ ᠤᠨ ᠰᠢᠯᠤᠰᠤ ᠶᠢ ᠬᠤᠷᠠᠭᠤᠯᠤᠮ᠎ᠠ ᠬᠠᠩᠬᠤᠯᠤᠨ ᠦᠨᠤᠷᠳᠤᠵᠤ᠂ ᠲᠡᠬᠦᠨ ᠤ ᠲᠤᠮᠳᠠ 8 ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ︽ᠲᠤᠰᠬᠠᠶᠢᠵᠢᠭᠰᠠᠨ ᠠᠯᠮᠤᠷᠠᠳ ᠤᠨ ᠲᠠᠨᠢᠯᠴᠠᠭᠤᠯᠤᠭᠴᠢ︾ ᠪᠤᠯᠵᠤ᠂ ᠰᠦᠯᠵᠢᠶᠡᠨ ᠨᠠᠶᠢᠵᠠ ᠨᠠᠷ ᠲᠤ ᠨᠠᠷᠢᠯᠢᠭ ᠲᠠᠨᠢᠯᠴᠠᠭᠤᠯᠤᠨ ᠳᠣᠲᠣᠨᠣᠰᠤᠭ ᠢᠶᠠᠷ ᠬᠠᠷᠢᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠦᠪᠡᠷ ᠢ ᠪᠠᠨ ᠴᠥᠮ ᠰᠢᠨ᠎ᠡ ᠲᠠᠷᠢᠶᠠᠴᠢᠨ ᠢᠶᠠᠷ ᠦᠵᠡᠵᠦ᠂ ᠦᠨᠳᠦᠰᠦᠨ ᠱᠠᠲᠤᠨ ᠳᠤ ᠰᠠᠭᠤᠨ᠂ ᠦᠨᠳᠦᠰᠦᠨ ᠱᠠᠲᠤᠨ ᠳᠤ ᠦᠢᠯᠡᠴᠢᠯᠡᠵᠦ᠂ ᠲᠠᠷᠢᠶᠠᠯᠠᠩ ᠢ ᠬᠠᠪᠰᠤᠷᠤᠨ ᠲᠠᠷᠢᠶᠠᠯᠠᠩ ᠢ ᠬᠥᠭᠵᠢᠭᠦᠯᠵᠦ᠂ ᠥᠪᠡᠷ ᠤᠨ ᠭᠡᠰᠡᠨ ᠬᠦᠴᠦᠨ ᠴᠢᠳᠠᠯ ᠢᠶᠠᠨ ᠬᠠᠮᠲᠤ ᠪᠠᠷ ᠡᠷᠬᠦᠨ᠂ ᠰᠢᠯᠢᠳᠡᠭ ᠪᠦᠲᠦᠭᠡᠭᠳᠡᠬᠦᠨ ᠢ ᠬᠠᠩᠭᠠᠨ ᠪᠣᠷᠣᠯᠠᠭᠤᠯᠬᠤ ᠲᠠᠪᠴᠠᠩ ᠢᠶᠠᠷ ᠳᠠᠮᠵᠢᠭᠤᠯᠤᠨ᠂  ᠲᠤᠬᠠᠢ ᠶᠢᠨ ᠭᠠᠵᠠᠷ ᠤᠨ ᠰᠢᠨ᠎ᠡ ᠰᠣᠷᠭᠤᠭ ᠵᠢᠮᠢᠰ ᠢ ᠨᠠᠩ ᠣᠯᠠᠨ ᠬᠥᠮᠦᠰ ᠲᠤ ᠮᠡᠳᠡᠭᠦᠯᠵᠦ᠂ ᠲᠠᠷᠢᠶᠠᠴᠢᠳ ᠤᠨ ᠡᠯᠪᠡᠭ ᠬᠤᠷᠢᠶᠠᠯᠲᠠ ᠤᠯᠬᠤ ᠳᠤ ᠨᠢ ᠤᠶᠢᠯᠡᠴᠢᠯᠡᠵᠦ᠂ ᠬᠥᠳᠡᠭᠡ ᠠᠵᠤ ᠠᠬᠤᠢ ᠶᠢ ᠬᠠᠪᠰᠤᠷᠤᠨ ᠬᠥᠳᠡᠭᠡ ᠠᠵᠤ ᠠᠬᠤᠢ ᠶᠢ ᠬᠦᠭᠵᠢᠬᠦᠯᠬᠦ ᠳᠤ ᠬᠠᠮᠲᠤᠪᠠᠷ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠪᠠᠨ ᠦᠵᠡᠬᠦᠯᠦᠭᠰᠡᠨ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠴᠤ ᠰᠢᠭᠤᠳ ᠨᠡᠪᠳᠡᠷᠡᠬᠦᠯᠭᠡ ᠡᠯᠧᠺᠲᠷᠣᠨ ᠬᠤᠳᠠᠯᠳᠤᠭ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠪᠠ ᠬᠡᠷᠡᠭᠯᠡᠭᠡᠨ ᠤ ᠰᠢᠨ᠎ᠡ ᠪᠠᠶᠢᠳᠠᠯ ᠢ ᠡᠭᠦᠳᠬᠦ ᠲᠠᠯ᠎ᠠ ᠪᠠᠷ ᠬᠢ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ︽ᠵᠠᠮ ᠳᠠᠭᠠᠤ ᠲᠡᠷᠭᠡ︾᠎ ᠳᠤ ᠰᠠᠭᠤᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠡᠯᠪᠡᠷᠢ ᠶᠢ ᠪᠠᠶᠠᠯᠢᠭᠵᠢᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠠᠮᠢᠵᠢᠷᠠᠯ ᠤᠨ ᠬᠦᠴᠦᠨ︾ ᠨᠡᠮᠡᠷᠢᠯᠡᠵᠦ᠂ ᠲᠠᠷᠢᠶᠠᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠪᠦᠯᠬᠦᠮ ᠢ ᠢᠳᠡᠪᠬᠢᠲᠡᠶ ᠬᠥᠮᠦᠵᠢᠭᠦᠯᠵᠦ᠂ ᠪᠠᠶᠢᠩᠭᠤ ᠶᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠰᠢᠭᠤᠳ ᠨᠡᠪᠲᠡᠷᠡᠭᠦᠯᠭᠡ ᠶᠢᠨ ᠨᠠᠷᠠᠲᠤ ᠲᠡᠮᠳᠡᠭᠲᠦ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠪᠤᠶᠢᠵᠢᠯᠲᠠ ᠪᠠ ᠪᠤᠵᠠᠭᠠᠶᠢᠷᠠᠯᠲᠠ ᠶᠢ ᠠᠬᠢᠭᠤᠯᠪᠠ᠃ ᠤᠳᠤᠬᠠᠨ ᠪᠣᠯᠲᠠᠯ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠰᠢᠭᠤᠳ ᠨᠡᠪᠳᠡᠷᠡᠬᠦᠯᠭᠡ ᠪᠠᠷ ᠪᠠᠷᠠᠭ᠎ᠠ ᠪᠤᠷᠤᠯᠠᠭᠤᠯᠬᠤ ᠠᠵᠢᠯᠯᠠᠭ᠎ᠠ ᠶᠢ 2120 ᠲᠠᠯᠠᠪᠤᠷ ᠤᠳᠠᠭ᠎ᠠ ᠦᠷᠨᠢᠬᠦᠯᠦᠨ᠂ ᠵᠠᠬᠢᠶᠠᠯᠠᠭ᠎ᠠ ᠶᠢᠨ ᠲᠤᠭ᠎ᠠ ᠨᠡᠶᠢᠲᠡ 3664᠎ ᠳᠤ ᠬᠦᠷᠴᠦ᠂ ᠰᠣᠯᠢᠯᠴᠠᠭᠠᠨ ᠤ ᠶᠡᠷᠤᠩᠭᠡᠢ ᠦᠷᠳᠡᠭ ᠨᠢ 48.38 ᠲᠦᠮᠡᠨ ᠲᠥᠭᠦᠷᠢᠭ ᠢ ᠲᠠᠪᠠᠵᠤ᠂ ᠴᠤᠤᠷᠢᠶ᠎ᠠ ᠲᠠᠪᠴᠠᠩ ᠳᠤ ︽ᠡᠵᠡᠨ ᠬᠤᠷᠤᠭ᠎ᠠ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ︾ ᠭᠡᠬᠦ ᠬᠠᠯᠭᠤᠨ ᠶᠠᠷᠢᠯᠴᠠᠭᠠᠨ ᠤ ᠵᠤᠷᠪᠤᠰ ᠢ ᠪᠦᠷᠢᠯᠳᠦᠭᠦᠯᠵᠦ᠂ 40.2 ᠲᠦᠮᠡᠨ ᠬᠦᠷᠢᠶᠡᠯᠡᠭᠴᠢ ᠲᠠᠢ ᠪᠤᠯᠤᠭᠰᠠᠨ ᠪᠠᠶᠢᠨ᠎ᠠ᠃ ᠡᠵᠡᠨ ᠬᠤᠷᠤᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠠᠶᠢᠭᠤᠯᠤᠭᠰᠠᠨ ︽ᠡᠵᠡᠨ ᠬᠤᠷᠤᠭ᠎ᠠ ᠪᠣᠷᠣᠯᠠᠭᠤᠯᠭ᠎ᠠ ᠶᠢᠨ ᠰᠢᠯᠢᠳᠡᠭ ᠪᠦᠲᠦᠭᠡᠭᠳᠡᠬᠦᠨ︾᠎ ᠤ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠡᠮᠵᠢᠨ ᠡᠵᠡᠨ ᠬᠤᠷᠤᠭ᠎ᠠ ᠬᠤᠰᠢᠭᠤᠨ ᠤ ᠣᠷᠣᠨ ᠨᠤᠲᠤᠭ ᠤᠨ ᠠᠨᠤ᠂ ᠰᠢᠶᠠᠩ ᠹᠦ᠋ ᠯᠧ᠂ ᠲᠠᠯ᠎ᠠ ᠨᠤᠲᠤᠭ ᠤᠨ ᠷᠦᠩ ᠰᠢᠨ ᠵᠡᠷᠭᠡ 21 ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠰᠣᠩᠭᠤᠨ ᠭᠠᠷᠭᠠᠵᠤ᠂ ᠨᠡᠶᠢᠲᠡ 82 ᠲᠠᠸᠠᠷ ᠲᠠᠢ ᠪᠣᠯᠪᠠ᠃                          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ