8 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ | ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠵᠢᠴᠢ ︽ᠬᠠᠯᠠᠭᠤᠨ ᠲᠤᠯᠠᠭᠠᠨ ᠡᠵᠡᠨ ᠬᠤᠷᠤᠭ᠎ᠠ︾ ᠠᠯᠳᠠᠨᠰᠢᠷᠡᠭᠡᠳᠤ | ᠪᠠᠯᠭᠠᠰᠤᠨ ᠤ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠡᠵᠡᠨ ᠬᠤᠷᠤᠭ᠎ᠠ ᠬᠤᠰᠢᠭᠤᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ | ᠲᠤᠰ ᠤᠳᠠᠭ᠎ᠠ ᠶᠢᠨ ᠲᠠᠮᠢᠷ ᠤᠨ ᠴᠤᠭᠯᠠᠭᠠᠨ ᠢ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠠᠯᠳᠠᠨᠰᠢᠷᠡᠭᠡᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠨᠡᠶᠢᠭᠡᠮ | ᠲᠣᠭᠤᠷᠢᠭ ᠤᠨ 18 ᠲᠥᠯᠥᠭᠡᠯᠡᠭᠴᠢᠳ ᠤᠨ ᠠᠩᠬᠢ ᠶᠢᠨ 600 ᠭᠠᠷᠤᠢ ᠠᠵᠢᠯᠳᠠᠨ ᠠᠵᠢᠯᠴᠢᠨ ᠤᠯᠠᠨ ᠲᠦᠮᠡᠨ ᠢ ᠤᠷᠤᠯᠳᠤᠭᠠᠨ ᠳᠤ ᠣᠷᠣᠯᠴᠠᠭᠤᠯᠵᠤ᠂ ᠳᠡᠭᠡᠰᠦ | ᠲᠠᠲᠠᠬᠤ᠂ ᠰᠠᠭᠠᠳ ᠲᠠᠪᠠᠵᠦ ᠬᠦᠴᠤ ᠵᠠᠯᠭᠠᠬᠤ ᠤᠷᠤᠯᠳᠤᠭᠠᠨ ᠵᠡᠷᠭᠡ ᠲᠦᠷᠦᠯ ᠵᠦᠢᠯ ᠤᠨ ᠲᠤᠭᠤᠷᠢᠨ ᠳᠤ ᠤᠷᠤᠯᠳᠤᠭᠠᠨ ᠬᠢᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠶᠢᠯᠡᠰ ᠢ ᠶᠡᠬᠡᠪᠡᠷ ᠬᠥᠭᠵᠢᠭᠦᠯᠵᠦ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠡᠳᠦᠷ ᠢᠷᠡᠬᠦᠶ᠎ᠡ ᠰᠠᠶᠢᠵᠢᠷᠠᠨ᠂ ᠣᠯᠠᠨ ᠨᠡᠶᠢᠲᠡ ᠶᠢᠨ ᠤᠶᠢᠯᠡᠴᠢᠯᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ | ᠤᠷᠢᠳ ᠬᠤᠵᠢᠳ ︽ᠪᠥᠬᠦ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠡᠷᠢᠭᠦᠨ ᠤ ᠬᠠᠮᠲᠤ︾ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠡᠷᠢᠭᠦᠨ ᠤ ᠨᠢᠭᠡᠴᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠰᠢᠭᠤ︾ | ᠵᠡᠷᠭᠡ ᠢᠷᠠᠭᠤ ᠠᠯᠳᠠᠷ ᠢ ᠭᠥᠷᠳᠡᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠳᠤ ᠲᠦᠰᠢᠭᠯᠡᠨ ᠬᠡᠯᠪᠡᠷᠢ | ᠮᠠᠶ᠋ᠢᠭ ᠣᠯᠠᠨ ᠶᠠᠩᠵᠤ ᠶᠢᠨ᠂ ᠠᠭᠤᠯᠭ᠎ᠠ ᠪᠠᠶᠠᠯᠢᠭ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠨᠠᠩ ᠣᠯᠠᠨ | ᠬᠤᠲᠠ ᠶᠢᠨ ᠠᠷᠠᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠲᠡᠳᠡᠨ ᠣᠷᠣᠯᠴᠠᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠠᠵᠢᠯᠯᠠᠭ᠎ᠠ ᠶᠢᠨ ᠭᠦᠨᠵᠡᠭᠡᠶᠢᠷᠡᠨ ᠥᠷᠨᠢᠬᠦ ᠶᠢ ᠲᠦᠯᠬᠢᠨ ᠠᠬᠢᠭᠤᠯᠤᠨ᠎ᠠ᠃ | |