68.1 ᠮᠢᠯᠢᠮᠧᠲᠷ︕ ᠡᠵᠡᠨ ᠬᠤᠷᠤᠭ᠎ᠠ ᠬᠤᠰᠢᠭᠤᠨ ᠤ ᠪᠣᠷᠣᠭᠠᠨ ᠤ ᠬᠠᠮᠤᠭ ᠤᠨ ᠶᠡᠭᠡ ᠬᠡᠮᠵᠢᠶ᠎ᠡ ᠠᠳᠡ ᠢᠯᠡᠷᠡᠪᠡ
ᠨᠡᠶᠢᠲᠡᠯᠡᠭᠰᠡᠨ ᠴᠠᠭ᠄
2024/8/10
      ᠡᠵᠡᠨ ᠬᠤᠷᠤᠭ᠎ᠠ ᠬᠤᠰᠢᠭᠤᠨ ᠤ ᠴᠠᠭ ᠠᠭᠤᠷ ᠤᠨ ᠲᠣᠪᠴᠢᠶ᠎ᠠ 8 ᠳ᠋ᠤᠭᠠᠷ ᠰᠠᠷ᠎ᠠ ᠶᠢᠨ 9᠎ ᠤ ᠡᠳᠦᠷ ᠤᠨ 7 ᠴᠠᠭ ᠲᠤ ᠪᠣᠷᠣᠭᠠᠨ ᠤ ᠪᠠᠶᠢᠳᠠᠯ ᠤᠨ ᠠᠯᠪᠠᠨ ᠮᠡᠳᠡᠭᠡ ᠨᠡᠶᠢᠲᠡᠯᠡᠪᠡ᠄ 8᠎ ᠤ ᠡᠳᠦᠷ ᠤᠨ 7 ᠴᠠᠭ ᠠᠴᠠ 9᠎ ᠤ ᠡᠳᠦᠷ ᠤᠨ 7 ᠴᠠᠭ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠶᠡᠬᠡᠩᠬᠢ ᠭᠠᠵᠠᠷ ᠣᠷᠣᠨ ᠳᠤ ᠶᠡᠭᠡ ᠠᠴᠠ ᠠᠭᠠᠳᠠᠷ ᠪᠣᠷᠣᠭᠠᠨ ᠤᠷᠤᠭᠰᠠᠨ ᠪᠥᠭᠡᠳ ᠣᠬᠤᠷ ᠴᠠᠭ ᠤᠨ ᠰᠢᠷᠦᠭᠦᠨ ᠪᠣᠷᠣᠭᠠᠨ᠂ ᠠᠶᠤᠩᠭᠠᠲᠤ ᠪᠣᠷᠣᠭᠠᠨ ᠶᠡᠭᠡ ᠰᠠᠯᠬᠢ ᠵᠡᠷᠭᠡ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠵᠤ᠂ ᠬᠠᠮᠤᠭ ᠤᠨ ᠶᠡᠭᠡ ᠪᠣᠷᠣᠭᠠᠨ ᠤ ᠬᠡᠮᠵᠢᠶ᠎ᠡ ᠪᠠ ᠬᠠᠮᠤᠭ ᠤᠨ ᠶᠡᠭᠡ ᠴᠠᠭ ᠤᠨ ᠪᠣᠷᠣᠭᠠᠨ ᠤ ᠬᠡᠮᠵᠢᠶ᠎ᠡ ᠨᠢ ᠴᠥᠮ ᠰᠤᠪᠤᠷᠭ᠎ᠠ ᠶᠢᠨ ᠲᠠᠯ᠎ᠠ ᠨᠤᠲᠤᠭ ᠲᠤ ᠢᠯᠡᠷᠡᠵᠦ᠂ ᠲᠣᠰ ᠲᠣᠰ 68.1 ᠮᠢᠯᠢᠮᠧᠲᠷ ᠪᠠ 27.3 ᠮᠢᠯᠢᠮᠧᠲᠷ ᠲᠤ ᠬᠦᠷᠪᠡ᠃      ᠴᠠᠭ ᠠᠭᠤᠷ ᠤᠨ ᠲᠣᠪᠴᠢᠶᠠᠨ ᠤ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠢᠷᠡᠭᠡᠳᠦᠶ ᠶᠢᠨ 24 ᠴᠠᠭ ᠲᠤ ᠡᠵᠡᠨ ᠬᠤᠷᠤᠭ᠎ᠠ ᠬᠤᠰᠢᠭᠤᠨ ᠳᠤ ᠠᠭᠠᠳᠠᠷ ᠪᠣᠷᠣᠭᠠᠨ ᠣᠷᠣᠵᠤ᠂ ᠪᠠᠷᠠᠭᠤᠨ ᠠᠴᠠ 5~6 ᠲᠠᠰ ᠤᠨ ᠰᠠᠯᠬᠢ ᠰᠠᠯᠬᠢᠯᠠᠵᠤ ᠪᠠᠶᠢᠭᠰᠠᠨ ᠠᠴᠠ 4~5 ᠲᠠᠰ ᠤᠨ ᠰᠠᠯᠬᠢ ᠰᠠᠯᠬᠢᠯᠠᠨ᠂ ᠠᠭᠠᠷ ᠤᠨ ᠳᠤᠯᠠᠭᠠᠨ 16 | 25℃ ᠪᠣᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ