| ᠣᠶᠢᠷ᠎ᠠ ᠳᠤ᠂ 2024 ᠣᠨ ᠤ ᠳᠤᠮᠳᠠᠳᠤ ᠤᠯᠤᠰ ᠤᠨ ᠲᠣᠤᠷ ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ ᠤ CTA500 ︵ᠴᠠᠩᠱᠠ ᠶᠢᠨ | ᠸᠠᠩ ᠴᠧᠩ ᠳᠠᠬᠢ ᠤᠷᠤᠯᠳᠤᠭᠠᠨ︶ ᠵᠢᠴᠢ ᠴᠠᠩᠱᠠ ᠶᠢᠨ ᠲᠣᠤᠷ ᠪᠥᠮᠪᠦᠭᠡ ᠶᠢᠨ ᠢᠯᠡ ᠤᠷᠤᠯᠳᠤᠭᠠᠨ ᠤ ᠵᠢᠯ ᠤᠨ ᠡᠴᠦᠰ ᠤᠨ ᠰᠢᠢᠳᠪᠤᠷᠢᠳᠤ ᠤᠷᠤᠯᠳᠤᠭᠠᠨ | ᠠᠮᠵᠢᠯᠲᠠ ᠲᠠᠢ ᠦᠨᠳᠤᠷᠯᠡᠵᠦ᠂ ᠡᠵᠡᠨ ᠬᠤᠷᠤᠭ᠎ᠠ ᠬᠤᠰᠢᠭᠤᠨ ᠤ ᠰᠤᠷᠤᠭᠴᠢ ᠸᠠᠩ ᠵᠢᠶᠠ ᠢ ᠡᠮᠡᠭᠲᠡᠶ ᠶᠢᠨ ᠭᠠᠭᠴᠠ ᠬᠦᠮᠤᠨ ᠤ ᠰᠢᠢᠳᠪᠤᠷᠢᠳᠤ ᠤᠷᠤᠯᠳᠤᠭᠠᠨ ᠳᠤ | 6 — 1 ᠶᠢᠨ ᠬᠢᠷᠢ ᠪᠦᠳᠤᠮᠵᠢ ᠪᠠᠷ ᠸᠠᠩ ᠯᠦ ᠶᠣᠣ ᠶᠢ ᠲᠡᠶᠢᠯᠡᠨ ᠮᠠᠩᠯᠠᠶᠢᠯᠠᠵᠤ᠂ ᠡᠮᠡᠭᠲᠡᠶ ᠶᠢᠨ ᠬᠤᠤᠰ ᠬᠦᠮᠤᠨ ᠤ ᠤᠷᠤᠯᠳᠤᠭᠠᠨ ᠳᠤ ᠸᠠᠩ ᠵᠢᠶᠠ ᠢ / ᠸᠧᠶ | ᠵᠠᠩ ᠴᠢᠶᠠᠨ ᠳᠡᠳ᠋ᠯᠡᠪᠡ᠃ | ᠤᠳᠤᠬᠠᠨ ᠳᠤ ᠸᠠᠩ ᠵᠢᠶᠠ ᠢ ᠤᠷᠳᠤᠰ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠤ ᠰᠤᠷᠭᠠᠭᠤᠯᠢ ᠶᠢᠨ | ᠲᠣᠭᠤᠷᠢᠭ ᠲᠤ ᠰᠤᠷᠤᠯᠴᠠᠵᠤ ᠪᠤᠢ᠃ ᠲᠡᠷᠡ᠂ ᠡᠨᠡ ᠵᠢᠯ ᠤᠨ 2024 ᠣᠨ ᠤ ︽ᠵᠢᠤ ᠵᠢᠶᠠᠩ ᠪᠠᠩᠬᠢ ᠬᠤᠨᠳᠠᠭᠠᠲᠤ︾ ITF ᠣᠯᠠᠨ ᠤᠯᠤᠰ ᠤᠨ ᠵᠠᠯᠠᠭᠤᠴᠤᠳ | ᠪᠠᠭᠠᠴᠤᠳ ᠤᠨ U18 ᠲᠣᠤᠷ ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ ᠤ ᠦ᠋ ᠨᠢᠩ ᠳᠠᠬᠢ ᠤᠷᠤᠯᠳᠤᠭᠠᠨ ᠤ ᠡᠮᠡᠭᠲᠡᠶ ᠶᠢᠨ ᠳᠤᠭᠤᠶᠢᠯᠠᠩ ᠤᠨ | ᠬᠤᠤᠰ ᠬᠦᠮᠤᠨ ᠤ ᠤᠷᠤᠯᠳᠤᠭᠠᠨ ᠳᠤ ᠮᠠᠩᠯᠠᠶᠢᠯᠠᠪᠠ︔ 2024ITF ᠣᠯᠠᠨ ᠤᠯᠤᠰ ᠤᠨ ᠰᠦᠯᠵᠢᠶᠡᠨ ᠬᠤᠯᠪᠣᠭᠠᠨ ᠤ ᠵᠠᠯᠠᠭᠤᠴᠤᠳ ᠪᠠᠭᠠᠴᠤᠳ ᠤᠨ U18 | ᠲᠣᠤᠷ ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ ᠤ ᠱᠧᠨᠵᠧᠨ ᠤ ᠭᠤᠸᠠᠩ ᠮᠢᠩ ᠳᠠᠬᠢ ᠤᠷᠤᠯᠳᠤᠭᠠᠨ ︵J60︶ ᠶᠢᠨ ᠡᠮᠡᠭᠲᠡᠶ ᠶᠢᠨ ᠬᠤᠤᠰ | ᠬᠦᠮᠤᠨ ᠤ ᠤᠷᠤᠯᠳᠤᠭᠠᠨ ᠳᠤ ᠮᠠᠩᠯᠠᠶᠢᠯᠠᠭᠰᠠᠨ ᠪᠥᠭᠡᠳ ᠡᠮᠡᠭᠲᠡᠶ ᠶᠢᠨ ᠭᠠᠭᠴᠠ ᠬᠦᠮᠤᠨ ᠤ ᠰᠢᠢᠳᠪᠤᠷᠢᠳᠤ ᠤᠷᠤᠯᠳᠤᠭᠠᠨ ᠤ ᠣᠷᠣ ᠶᠢ ᠤᠯᠪᠠ︔ 2024 ᠣᠨ ᠤ | ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠣᠷᠣᠭᠴᠢ ︵ᠵᠠᠯᠠᠭᠤᠴᠤᠳ ᠪᠠᠭᠠᠴᠤᠳ︶ ᠶᠢᠨ ᠲᠣᠤᠷ ᠪᠥᠮᠪᠦᠭᠡ ᠶᠢᠨ ᠰᠤᠳᠤᠨᠴᠤᠳ ᠤᠨ ᠤᠷᠤᠯᠳᠤᠭᠠᠨ ︵ | CTJ-A1︶ ᠵᠢᠴᠢ 2024 ᠣᠨ ᠤ ᠳᠡᠯᠡᠬᠡᠶ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠲᠣᠤᠷ | ᠪᠥᠮᠪᠦᠭᠡ ᠶᠢᠨ ᠤᠷᠤᠯᠳᠤᠭᠠᠨ ᠤ ᠲᠦᠷᠤᠯ ᠵᠤᠶᠢᠯ ᠤᠨ ᠰᠢᠯᠭᠠᠷᠠᠭᠤᠯᠬᠤ ᠤᠷᠤᠯᠳᠤᠭᠠᠨ ᠤ U18 ᠡᠮᠡᠭᠲᠡᠶ ᠶᠢᠨ ᠬᠤᠤᠰ ᠬᠦᠮᠤᠨ ᠤ ᠤᠷᠤᠯᠳᠤᠭᠠᠨ ᠳᠤ ᠮᠠᠩᠯᠠᠶᠢᠯᠠᠨ᠂ | ᠡᠮᠡᠭᠲᠡᠶ ᠶᠢᠨ ᠭᠠᠭᠴᠠ ᠬᠦᠮᠤᠨ ᠤ ᠤᠷᠤᠯᠳᠤᠭᠠᠨ ᠳᠤ ᠭᠤᠷᠪᠠᠳᠤᠭᠠᠷ ᠲᠤ ᠤᠷᠤᠵᠣ᠂ ᠤᠯᠤᠰ ᠤᠨ ᠲᠠᠰ ᠤᠨ ᠠᠪᠤᠷᠭᠤ ᠲᠠᠮᠢᠷᠴᠢᠨ ᠤ ᠴᠣᠯᠠ ᠬᠦᠷᠳᠡᠭᠰᠡᠨ ᠪᠦᠭᠡᠳ | ᠳᠤᠮᠳᠠᠳᠤ ᠤᠯᠤᠰ ᠢ ᠲᠥᠯᠥᠭᠡᠯᠡᠨ ᠳᠡᠯᠡᠬᠡᠶ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠲᠣᠤᠷ | ᠪᠥᠮᠪᠦᠭᠡ ᠶᠢᠨ ᠤᠷᠤᠯᠳᠤᠭᠠᠨ ᠤ ᠰᠢᠯᠭᠠᠷᠠᠭᠤᠯᠬᠤ ᠬᠢᠷᠢ ᠬᠡᠮ ᠢ ᠣᠯᠤᠭᠰᠠᠨ ᠪᠠᠶᠢᠨ᠎ᠠ᠃ |