| ᠣᠶᠢᠷ᠎ᠠ ᠳᠤ᠂ ᠲᠤᠩᠭᠠᠯᠠᠭ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠭᠠᠴᠤᠳ ᠬᠡᠦᠬᠡᠳ ᠤᠨ ᠵᠤᠨ ᠤ ᠠᠮᠠᠷᠠᠯᠲᠠ ᠶᠢ ᠨᠡᠩ ᠤᠳᠬ᠎ᠠ | ᠠᠭᠤᠯᠭ᠎ᠠ ᠲᠠᠢ᠂ ᠪᠡᠶ᠎ᠡ ᠮᠠᠬᠠᠪᠣᠳ ᠢ ᠨᠡᠩ ᠡᠷᠡᠭᠦᠯ ᠴᠢᠭᠢᠷᠠᠭ ᠪᠤᠯᠭᠠᠬᠤ ᠶᠢᠨ ᠲᠦᠯᠤᠭᠡ᠂ ᠬᠠᠷᠢᠶᠠᠲᠤ ᠣᠷᠣᠨ ᠤ ᠪᠠᠨ ᠵᠠᠯᠠᠭᠤᠴᠤᠳ ᠪᠠᠭᠠᠴᠤᠳ ᠢ ᠢᠳᠡᠪᠬᠢᠲᠡᠶ | ᠳᠠᠶᠢᠴᠢᠯᠠᠨ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠵᠤᠶᠢᠯ ᠪᠤᠯᠬᠤ ᠥᠷᠯᠥᠭᠡ ᠶᠢᠨ ᠭᠦᠶᠦᠯᠲᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ | ᠥᠷᠯᠥᠭᠡ ᠶᠢᠨ 6᠄ 30 ᠲᠤ᠂ ᠬᠡᠦᠬᠡᠳ ᠤᠳ ᠠᠵᠢᠨᠠᠢ ᠴᠡᠴᠡᠷᠯᠢᠭ ᠲᠤ ᠴᠤᠭᠯᠠᠷᠠᠵᠤ᠂ ᠰᠠᠶᠢᠨ ᠳᠤᠷ᠎ᠠ ᠶᠢᠨ ᠤᠶᠢᠯᠡᠴᠢᠯᠡᠭᠴᠢ ᠪᠠᠭᠰᠢ ᠨᠠᠷ ᠠᠴᠠ | ᠬᠡᠦᠬᠡᠳ ᠤᠳ ᠢ ᠳᠠᠭᠠᠭᠤᠯᠤᠨ ᠭᠦᠶᠦᠬᠦ ᠠᠴᠠ ᠡᠮᠦᠨᠡᠬᠢ ᠪᠡᠯᠡᠳᠬᠡᠯ ᠬᠥᠳᠡᠯᠭᠡᠭᠡᠨ ᠢ ᠰᠠᠶᠢᠳᠤᠷ ᠬᠢᠵᠤ᠂ ᠥᠷᠯᠥᠭᠡ ᠶᠢᠨ ᠭᠦᠶᠦᠯᠲᠡ ᠳᠤ ᠭᠦᠢᠴᠡᠳ ᠪᠡᠯᠡᠳᠬᠡᠯ ᠬᠢᠨ᠂ | ᠬᠡᠦᠬᠡᠳ ᠤᠳ ᠴᠤ ᠡᠷᠡᠰ ᠬᠠᠲᠠᠭᠤ ᠵᠤᠷᠢᠭ ᠢᠶᠠᠷ ᠬᠦᠶᠤᠯᠳᠡ ᠶᠢᠨ ᠪᠦᠬᠦ ᠶᠠᠪᠤᠴᠠ ᠶᠢ ᠪᠡᠶᠡᠯᠡᠬᠦᠯᠵᠦ᠂ ᠬᠤᠪᠢ ᠬᠤᠪᠢᠨ ᠤ ᠪᠠᠨ ᠴᠤᠭ ᠵᠢᠪᠬᠤᠭ᠎ᠠ᠂ ᠠᠮᠢᠵᠢᠷᠠᠯ ᠤᠨ | ᠬᠦᠴᠦᠨ ᠢᠶᠠᠨ ᠪᠠᠳᠠᠷᠠᠭᠤᠯᠤᠨ᠎ᠠ᠃ ᠠᠮᠢ ᠨᠠᠰᠤ ᠡᠷᠡᠬᠦᠯ ᠮᠡᠨᠳᠤ ᠨᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠳᠤ ᠪᠠᠶᠢᠵᠣ᠂ ᠥᠷᠯᠥᠭᠡ ᠶᠢᠨ | ᠭᠦᠶᠦᠯᠲᠡ ᠪᠠᠷ ᠲᠠᠮᠵᠢᠨ ᠪᠡᠶ᠎ᠡ ᠮᠠᠬᠠᠪᠣᠳ ᠢᠶᠠᠨ ᠪᠤᠯᠪᠠᠰᠤᠷᠠᠭᠤᠯᠬᠤ ᠨᠢ ᠲᠤᠶᠢᠯ ᠤᠨ ᠴᠢᠬᠤᠯᠠ ᠪᠤᠯᠵᠣ᠂ ᠬᠡᠦᠬᠡᠳ ᠢ ᠵᠢᠯᠣᠭᠤᠳᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠤᠷᠤᠯᠴᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠨᠢ ᠨᠡᠩ ᠴᠤ ᠴᠢᠬᠤᠯᠠ ᠠᠴᠠ ᠴᠢᠬᠤᠯᠠ ᠪᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠤᠩᠭᠠᠯᠠᠭ ᠨᠡᠶᠢᠭᠡᠮ ᠲᠣᠭᠤᠷᠢᠭ ᠤᠨ ᠬᠢᠨ ᠥᠷᠯᠥᠭᠡ ᠶᠢᠨ ᠭᠦᠶᠦᠯᠲᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠥᠮᠦᠰ ᠤᠨ ᠪᠠᠶᠢᠩᠭᠤ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ | ᠺᠠᠳ᠋ᠷ ᠲᠦᠷᠦᠭᠦᠯᠡᠨ᠂ ᠣᠯᠠᠨ ᠲᠦᠮᠡᠨ ᠬᠠᠮᠲᠤ ᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃ | |