ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/8/14
      ᠪᠡᠭᠡᠵᠢᠩ ᠤᠨ ᠴᠠᠭ ᠢᠶᠠᠷ 8 ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠲᠠᠮᠢᠷᠴᠢᠨ ᠯᠢ ᠴᠢᠶᠠᠨ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠺᠰ ᠤᠨ ᠲᠡᠮᠡᠴᠡᠭᠡᠨ ᠤ ᠡᠮᠡᠭᠲᠡᠢ ᠶᠢᠨ 75 ᠺᠢᠯᠣᠭ᠍ᠷᠠᠮ ᠤᠨ ᠲᠡᠰ ᠤᠨ ᠤᠷᠤᠯᠳᠤᠭᠠᠨ ᠤ ᠠᠯᠲᠠᠨ ᠮᠧᠳᠠᠯ ᠢ ᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃      ᠪᠠᠶᠠᠷ ᠤᠨ ᠴᠠᠭᠢᠯᠭᠠᠨ ᠴᠢᠮᠡᠭᠡ ᠳᠤ᠂ ᠥᠪᠥᠷ ᠮᠣᠩᠭᠤᠯ ᠤᠨ ᠲᠠᠮᠢᠷᠴᠢᠨ ᠯᠢ ᠴᠢᠶᠠᠨ 33 ᠳ᠋ᠤᠭᠠᠷ ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠺᠰ ᠤᠨ ᠲᠡᠮᠡᠴᠡᠭᠡᠨ ᠤ ᠲᠦᠷᠦᠯ ᠵᠦᠢᠯ ᠤᠨ ᠡᠮᠡᠭᠲᠡᠢ ᠶᠢᠨ 75 ᠺᠢᠯᠣᠭ᠍ᠷᠠᠮ ᠤᠨ ᠲᠡᠰ ᠤᠨ ᠰᠢᠢᠳᠪᠦᠷᠢᠲᠦ ᠤᠷᠤᠯᠳᠤᠭᠠᠨ ᠳᠤ᠂ ᠵᠣᠷᠢᠭᠲᠠᠢ ᠪᠠᠷ ᠲᠡᠮᠡᠴᠡᠨ ᠮᠠᠩᠯᠠᠶᠢᠯᠠᠵᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠪᠠᠰᠠ ᠨᠢᠭᠡ ᠠᠯᠲᠠᠨ ᠮᠧᠳᠠᠯ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠠᠮᠢᠷᠴᠢᠳ ᠤᠨ ᠬᠠᠳᠠᠨ ᠪᠠᠲᠤ ᠵᠠᠩ ᠴᠢᠨᠠᠷ ᠪᠣᠯᠣᠨ ᠤᠷᠠᠨ ᠭᠠᠷᠮᠠᠭᠠᠢ ᠤᠷᠤᠯᠳᠤᠭᠠᠨ ᠤ ᠮᠡᠷᠭᠡᠰᠢᠯ ᠤᠨ ᠲᠦᠪᠰᠢᠨ ᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ ᠬᠥᠪᠡᠭᠦᠳ ᠥᠬᠢᠳ ᠤᠨ ︽ ᠬᠦᠴᠢᠷ ᠪᠡᠷᠬᠡᠰᠢᠶᠡᠯ ᠢ ᠳᠠᠭᠠᠭᠠᠵᠤ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠥᠪᠥᠷ ᠮᠣᠩᠭᠤᠯ ᠳᠠᠭᠠᠨ ᠭᠡᠷᠡᠯ ᠭᠢᠯᠪᠠᠭ᠎ᠠ ᠨᠡᠮᠡᠷᠢᠯᠡᠵᠡᠢ ︕ ᠠᠳᠡ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ᠂ ᠯᠢ ᠴᠢᠶᠠᠨ ᠵᠢᠴᠢ ᠲᠡᠭᠦᠨ ᠤ ᠰᠤᠷᠭᠠᠭᠴᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ ︕ᠳᠤᠮᠳᠠᠳᠤ ᠤᠯᠤᠰ ᠤᠨ ᠪᠤᠺᠰ ᠤᠨ ᠠᠩᠭᠢ ᠶᠢᠨ ᠪᠦᠭᠦ ᠲᠠᠮᠢᠷᠴᠢᠨ᠂ ᠰᠤᠷᠭᠠᠭᠴᠢ ᠪᠠ ᠠᠵᠢᠯᠲᠠᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ︕ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠢᠨ ᠲᠠᠮᠢᠷᠴᠢᠳ ᠢ ᠨᠠᠷᠢᠨ ᠨᠢᠮᠪᠠᠢ ᠬᠥᠮᠥᠵᠢᠭᠦᠯᠦᠭᠰᠡᠨ ᠪᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕      ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠬᠢᠨ ᠲᠡᠷᠢᠭᠦᠨ ᠤ ᠬᠢ ᠪᠤᠯᠬᠤ ᠪᠠᠷ ᠡᠷᠡᠯᠬᠡᠭᠯᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠪᠡ᠃     
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ