ᠡᠵᠡᠨ ᠬᠤᠷᠤᠭ᠎ᠠ ᠬᠤᠰᠢᠭᠤᠨ ᠤ ᠨᠢᠭᠡᠨ ᠵᠠᠮ ᠤᠨ ᠭᠡᠰᠡᠭ ᠢ ᠥᠭᠡᠷᠡᠴᠢᠯᠡᠬᠦ ᠪᠤᠯᠬᠤᠷ ᠲᠡᠷᠭᠡ ᠬᠦᠰᠭᠡ ᠲᠤᠭᠤᠷᠢᠨ ᠶᠠᠪᠤᠬᠤ ᠴᠢᠬᠤᠯᠠᠳᠠᠢ ᠪᠠᠶᠢᠨ᠎ᠠ
ᠨᠡᠶᠢᠲᠡᠯᠡᠭᠰᠡᠨ ᠴᠠᠭ᠄
2024/8/16
      ᠦᠬᠠᠢ — ᠠᠯᠳᠠᠨᠰᠢᠷᠡᠭᠡᠳᠤ ᠬᠦᠷᠬᠦ ᠵᠠᠰᠠᠮᠠᠯ ᠵᠠᠮ ᠤᠨ K43 + 700᠎ ᠤᠨ ᠭᠡᠰᠡᠭ ᠤᠨ ᠲᠡᠮᠦᠷ ᠵᠠᠮ ᠪᠤᠯᠣᠨ ᠵᠠᠰᠠᠮᠠᠯ ᠵᠠᠮ ᠤᠨ ᠠᠭᠤᠯᠵᠠᠷ ᠤᠨ ᠬᠥᠭᠦᠷᠭᠡ ᠶᠢᠨ ᠥᠨᠳᠥᠷ ᠤᠨ ᠭᠡᠮᠵᠢᠶ᠎ᠡ ᠨᠢ ᠬᠦᠷᠦᠯᠴᠡᠬᠦ ᠥᠬᠡᠶ  ᠪᠤᠯᠬᠤᠷ᠂  ᠦᠬᠠᠢ — ᠠᠯᠳᠠᠨᠰᠢᠷᠡᠭᠡᠳᠤ ᠬᠦᠷᠬᠦ ᠵᠠᠰᠠᠮᠠᠯ ᠵᠠᠮ ︵K43 + 300 — K43 + 900 ᠬᠡᠰᠡᠭ︶᠎ ᠤᠨ ᠬᠠᠭᠤᠴᠢᠨ ᠵᠠᠮ ᠢ ᠦᠭᠡᠷᠡᠴᠢᠯᠡᠨ ᠵᠠᠰᠠᠬᠤ ᠢᠨᠵᠧᠨᠧᠷᠢᠩ ᠢ ᠭᠡᠷᠡᠭᠵᠢᠬᠦᠯᠬᠦ ᠪᠠᠷ ᠪᠠᠶᠢᠨ᠎ᠠ᠂ ᠲᠣᠰ ᠢᠨᠵᠧᠨᠧᠷᠢᠩ ᠤᠨ ᠠᠮᠤᠷ ᠲᠦᠪᠰᠢᠨ ᠢᠶᠠᠷ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠬᠠᠮᠲᠤ ᠨᠠᠰᠢ ᠴᠠᠰᠢ ᠥᠩᠭᠡᠷᠡᠬᠦ ᠲᠡᠷᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2024 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠤᠨ 00 ᠴᠠᠭ 00 ᠮᠢᠨᠦ᠋ᠲ ᠠᠴᠠ 2024 ᠣᠨ ᠤ 9 ᠳ᠋ᠤᠭᠡᠷ ᠰᠠᠷ᠎ᠠ ᠶᠢᠨ 15᠎ ᠤ ᠡᠳᠦᠷ ᠤᠨ 23 ᠴᠠᠭ 59 ᠮᠢᠨᠦ᠋ᠲ ᠪᠣᠯᠲᠠᠯ᠎ᠠ᠂  ᠦᠬᠠᠢ — ᠠᠯᠳᠠᠨᠰᠢᠷᠡᠭᠡᠳᠤ ᠬᠦᠷᠬᠦ ᠵᠠᠰᠠᠮᠠᠯ ᠵᠠᠮ ᠤᠨ K43+300-K43+900 ᠬᠡᠰᠡᠭ ᠤᠨ ᠭᠤᠣᠯ ᠵᠠᠮ ᠤᠨ ᠭᠡᠰᠡᠭ ᠢ ᠬᠤᠶᠠᠷ ᠴᠢᠭᠯᠡᠯ ᠢᠶᠠᠷ ᠪᠢᠲᠡᠭᠦᠮᠵᠢᠯᠡᠵᠦ ᠦᠭᠡᠷᠡᠴᠢᠯᠡᠨ ᠵᠠᠰᠠᠬᠤ ᠪᠠᠷ ᠪᠠᠶᠢᠨ᠎ᠠ᠃ ᠡᠨᠡ ᠬᠦ ᠬᠤᠭᠤᠴᠠᠭᠠᠨ ᠳᠤ ᠲᠡᠷᠭᠡ ᠬᠦᠰᠭᠡ ᠦᠬᠠᠢ — ᠠᠯᠳᠠᠨᠰᠢᠷᠡᠭᠡᠳᠤ ᠬᠦᠷᠬᠦ ᠵᠠᠰᠠᠮᠠᠯ ᠵᠠᠮ ᠤᠨ K43+300-K43+900 ᠲᠤᠰᠠᠯᠠᠬᠤ ᠵᠠᠮ ᠢᠶᠠᠷ ᠲᠤᠭᠤᠷᠢᠨ ᠶᠠᠪᠤᠵᠤ ᠪᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ