ᠮᠠᠨ ᠤ ᠬᠤᠰᠢᠭᠤ  ᠵᠢᠷᠭᠠᠯ ᠤᠨ ᠡᠯᠴᠢᠨ ᠡᠮᠴᠢ ᠨᠠᠷ ᠢ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/8/21
      ᠡᠨᠡ ᠵᠢᠯ ᠤᠨ 8 ᠳ᠋ᠤᠭᠠᠷ ᠰᠠᠷ᠎ᠠ ᠶᠢᠨ 19᠎ ᠤ ᠡᠳᠦᠷ ᠪᠣᠯ ᠳᠣᠯᠣᠳᠤᠭᠠᠷ ᠤᠳᠠᠭᠠᠨ ᠤ ︽ᠳᠤᠮᠳᠠᠳᠤ ᠤᠯᠤᠰ ᠤᠨ ᠡᠮᠴᠢ ᠶᠢᠨ ᠪᠠᠶᠠᠷ ᠤᠨ ᠡᠳᠦᠷ︾ ᠪᠣᠯᠤᠨ᠎ᠠ᠃ ᠡᠵᠡᠨ ᠬᠤᠷᠤᠭ᠎ᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠳ ᠢ ᠪᠤᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃      ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠡᠮᠨᠡᠯᠭᠡ ᠶᠢᠨ ᠠᠵᠢᠯᠲᠠᠳ ᠤᠨ ᠡᠳᠦᠷ ᠲᠤᠳᠤᠮ ᠤᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠨ ᠦᠭᠴᠦ᠂ ᠪᠠᠶᠠᠷ ᠤᠨ ᠡᠳᠦᠷ ᠤᠨ ᠮᠡᠳᠤᠴᠢᠯᠡᠯ  ᠳᠡᠪᠰᠢᠭᠦᠯᠬᠦ ᠶᠢᠨ ᠬᠠᠮᠲᠤ ︽ᠠᠮᠢ ᠨᠠᠰᠤ ᠶᠢ ᠡᠷᠬᠢᠮ ᠲᠡᠭᠡᠳᠤ ᠪᠠᠷ ᠦᠵᠡᠵᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠠᠨᠠᠭᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠦᠨ᠂ ᠬᠠᠶᠢᠷ᠎ᠠ ᠪᠠᠨ ᠶᠡᠬᠡᠪᠡᠷ  ᠪᠠᠳᠠᠷᠠᠭᠤᠯᠬᠤ︾ ᠡᠷᠬᠢᠮ ᠳᠡᠭᠡᠳᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠲᠠᠢ ᠪᠠᠷ ᠠᠵᠢᠯ ᠢᠶᠠᠨ ᠰᠠᠶᠢᠲᠤᠷ ᠬᠢᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠤᠭᠡᠷᠡᠢ ᠭᠡᠰᠡᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ