| | | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ︵ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ | ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡᠨ ᠤ ᠨᠢᠭᠡ ᠵᠦᠢᠯ ᠤᠨ | ᠲᠥᠷᠥ ᠶᠢᠨ ᠪᠣᠳᠣᠯᠭ᠎ᠠ︶ ᠶᠢᠨ ᠨᠥᠬᠦᠪᠥᠷᠢ ᠶᠢᠨ ᠪᠠᠯᠠ ᠮᠥᠩᠭᠦ ᠶᠢ 1.67 ᠳ᠋ᠦᠩᠰᠢᠭᠤᠷ ᠲᠥᠭᠦᠷᠢᠭ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ | ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠨᠥᠬᠦᠪᠥᠷᠢ ᠶᠢᠨ ᠪᠠᠯᠠ ᠮᠥᠩᠭᠦ 2.04 ᠳ᠋ᠦᠩᠰᠢᠭᠤᠷ ᠲᠥᠭᠦᠷᠢᠭ ᠪᠠᠭᠤᠯᠭᠠᠵᠤ᠂ ︽ᠬᠤᠶᠠᠷ | ᠲᠥᠯᠥᠪᠯᠡᠭᠡ︾ ᠶᠢᠨ ᠠᠵᠢᠯ ᠳᠤ ᠣᠷᠣᠯᠴᠠᠵᠤ ᠪᠠᠶᠢᠭ᠎ᠠ ᠬᠥᠮᠦᠰ ᠲᠤ ᠴᠠᠭ ᠲᠤᠬᠠᠶ ᠳᠤ ᠨᠢ ᠲᠤᠭ᠎ᠠ ᠶᠣᠰᠣᠭᠠᠷ ᠠᠵᠢᠯ ᠠᠮᠢᠳᠤᠷᠠᠯ ᠤᠨ ᠨᠦᠬᠦᠪᠦᠷᠢ᠂ ᠠᠶᠢᠯ | ᠡᠷᠦᠬᠡ ᠪᠠᠨ ᠳᠦᠪᠬᠢᠨᠡᠭᠦᠯᠬᠦ ᠰᠦᠢᠳᠭᠡᠯ ᠣᠯᠭᠤᠬᠤ ᠵᠢᠴᠢ ᠨᠡᠶᠢᠭᠡᠮ ᠤᠨ ᠳᠠᠭᠠᠳᠬᠠᠯ ᠲᠤᠰᠢᠶᠠᠬᠤ ᠶᠢ ᠨᠢ ᠪᠠᠲᠤᠯᠠᠪᠠ᠃ 2024 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾ ᠳᠤ ᠣᠷᠣᠯᠴᠠᠭᠰᠠᠳ ᠤᠨ ᠠᠵᠢᠯ ᠠᠮᠢᠳᠤᠷᠠᠯ ᠤᠨ ᠨᠥᠬᠦᠪᠥᠷᠢ ᠶᠢ ᠬᠥᠮᠦᠨ | ᠪᠦᠷᠢ ᠰᠠᠷ᠎ᠠ ᠳᠤ 3650 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2024 ᠣᠨ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠨᠡᠶᠢᠭᠡᠮ | ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠪᠡ᠃ | 2024 ᠣᠨ ᠳᠤ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾ ᠳᠤ ᠣᠷᠣᠯᠴᠠᠭᠰᠠᠳ ᠢ 7700 ᠬᠥᠮᠦᠨ ᠡᠯᠰᠡᠬᠦ ᠪᠠᠷ ᠲᠥᠯᠥᠪᠯᠡᠵᠦ᠂ ᠳᠡᠭᠡᠷ᠎ᠡ | ᠵᠢᠯ ᠤᠨ ᠬᠢ ᠠᠴᠠ 200 ᠬᠥᠮᠦᠨ ᠨᠡᠮᠡᠭᠳᠡᠭᠦᠯᠪᠡ᠃ ᠡᠭᠦᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠣᠷᠣᠯᠴᠠᠭᠰᠠᠳ ᠢ 2700 | ᠬᠥᠮᠦᠨ ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠳᠤ ᠣᠷᠣᠯᠴᠠᠭᠰᠠᠳ ᠢ 5000 ᠬᠥᠮᠦᠨ | ᠡᠯᠰᠡᠬᠦ ᠪᠠᠷ ᠲᠥᠯᠥᠪᠯᠡᠵᠦ ᠪᠣᠶ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠯᠦᠭᠡ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠨᠠᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠠᠷᠭ᠎ᠠ ᠵᠠᠮ ᠢ ᠦᠷᠭᠦᠯᠵᠢᠯᠡᠨ ᠠᠭᠤᠳᠠᠯᠵᠤ | ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠣᠯᠭᠤᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠲᠣᠭᠲᠠᠭᠤᠨ ᠢᠶᠠᠷ ᠠᠵᠢᠯ ᠤᠯᠬᠤ ᠶᠢ ᠦᠨᠡᠨ ᠬᠦ ᠪᠠᠲᠤᠯᠠᠬᠤ ᠪᠣᠯᠣᠨ᠎ᠠ᠃ | | | | |