| ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ 15 ᠤ ᠡᠳᠦᠷ | ᠪᠣᠯᠲᠠᠯ᠎ᠠ᠂ ᠮᠠᠨ ᠤ ᠣᠷᠣᠨ ᠤ ᠬᠠᠷᠢᠶᠠᠨ ᠳᠠᠬᠢ G18 ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ᠂ G5511 ᠵᠡᠭᠦᠨᠰᠢ ᠪᠠᠷᠠᠭᠤᠨᠰᠢ ᠨᠡᠪᠲᠡᠷᠡᠬᠦ ᠶᠡᠭᠡ | ᠵᠠᠮ᠂ G12 ᠾᠦᠨ ᠴᠦᠨ ᠠᠴᠠ ᠤᠯᠠᠭᠠᠨᠬᠤᠲᠠ ᠬᠦᠷᠬᠦ ᠲᠦᠷᠭᠡᠨ ᠤ ᠵᠠᠮ ᠵᠡᠷᠭᠡ 9 ᠵᠣᠷᠪᠣᠰ ᠨᠡᠶᠢᠲᠡ 1546 ᠺᠢᠯᠣᠮᠧᠲᠷ ᠤᠨ ᠲᠦᠷᠭᠡᠨ ᠤ ᠵᠠᠮ ᠢᠶᠠᠷ | ᠠᠶᠠᠯᠠᠬᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡᠨ ᠤ ᠬᠤᠷᠳᠤᠴᠠ ᠶᠢ ᠳᠡᠭᠡᠭᠰᠢᠯᠡᠭᠦᠯᠵᠡᠢ᠃ ᠡᠭᠦᠨ ᠳᠤ 1001 ᠺᠢᠯᠣᠮᠧᠲᠷ ᠤᠨ ᠵᠠᠮ ᠢ 120 | ᠺᠢᠯᠣᠮᠧᠲᠷ / ᠴᠠᠭ ᠪᠣᠯᠭᠠᠨ ᠲᠣᠬᠢᠷᠠᠭᠤᠯᠵᠤ᠂ 545 ᠺᠢᠯᠣᠮᠧᠲᠷ ᠤᠨ ᠵᠠᠮ ᠢ 110 ᠺᠢᠯᠣᠮᠧᠲᠷ / ᠴᠠᠭ ᠪᠣᠯᠭᠠᠨ ᠲᠣᠬᠢᠷᠠᠭᠤᠯᠪᠠ᠃ | 4 ᠳ᠋ᠦ᠋ᠭᠡᠷ ᠰᠠᠷ᠎ᠠ ᠶᠢᠨ ᠰᠢᠨᠡᠳ ᠢᠶᠠᠷ᠂ ᠥᠪᠥᠷ ᠮᠣᠩᠭᠤᠯ ᠪᠥᠬᠦ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠳᠤ | ᠲᠣᠬᠢᠷᠠᠭᠤᠯᠤᠯᠲᠠ ᠬᠢᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠪᠥᠬᠦ ᠣᠷᠣᠨ ᠤ 120 ᠺᠢᠯᠣᠮᠧᠲᠷ / ᠴᠠᠭ ᠠᠴᠠ ᠳᠣᠣᠷ᠎ᠠ ᠬᠤᠷᠳᠤᠴᠠ ᠪᠠᠷ ᠬᠢᠵᠠᠭᠠᠷᠯᠠᠬᠤ | ᠲᠦᠷᠭᠡᠨ ᠤ ᠵᠠᠮ ᠳᠤ ᠣᠷᠣᠨ ᠪᠦᠰᠡ᠂ ᠲᠡᠷᠭᠡᠨ ᠤ ᠬᠡᠯᠪᠡᠷᠢ᠂ ᠲᠡᠷᠭᠡᠨ ᠤ ᠵᠠᠮ ᠬᠤᠪᠢᠶᠠᠨ ᠬᠤᠷᠳᠤᠴᠠ ᠶᠢᠨ ᠬᠢᠵᠠᠭᠠᠷᠯᠠᠯ ᠢ ᠠᠯᠬᠤᠮ ᠠᠯᠬᠤᠮ ᠢᠶᠠᠷ | ᠰᠢᠯᠢᠳᠡᠭᠵᠢᠭᠦᠯᠦᠨ ᠲᠣᠬᠢᠷᠠᠭᠤᠯᠪᠠ᠃ ᠨᠢᠭᠡᠳᠦᠭᠡᠷ ᠱᠠᠲᠤᠨ ᠤ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ ᠠᠵᠢᠯ ᠢᠶᠠᠷ ᠳᠡᠮᠵᠢᠨ᠂ 4 ᠳ᠋ᠦ᠋ᠭᠡᠷ ᠰᠠᠷ᠎ᠠ ᠶᠢᠨ 27 ᠤ | ᠡᠳᠦᠷ ᠪᠣᠯᠲᠠᠯ᠎ᠠ᠂ ᠮᠠᠨ ᠤ ᠣᠷᠣᠨ ᠤ 120 ᠺᠢᠯᠣᠮᠧᠲᠷ / ᠴᠠᠭ ᠤᠨ ᠬᠤᠷᠳᠤᠴᠠ ᠪᠠᠷ ᠬᠢᠵᠠᠭᠠᠷᠯᠠᠵᠤ ᠠᠶᠠᠯᠠᠭᠤᠯᠤᠨ ᠬᠠᠮᠢᠶᠠᠷᠬᠤ ᠲᠦᠷᠭᠡᠨ ᠤ ᠵᠠᠮ 4600 | ᠺᠢᠯᠣᠮᠧᠲᠷ ᠢ ᠳᠠᠪᠠᠵᠤ᠂ ᠪᠥᠬᠦ ᠣᠷᠣᠨ ᠤ ᠲᠦᠷᠭᠡᠨ ᠤ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠶᠢᠨ 58% ᠶᠢ ᠡᠵᠡᠯᠡᠪᠡ᠃ | ᠪᠥᠬᠦ ᠣᠷᠣᠨ ᠤ ᠲᠦᠷᠭᠡᠨ ᠤ ᠵᠠᠮ ᠤᠨ ᠵᠠᠮ ᠨᠡᠪᠲᠡᠷᠡᠯᠭᠡ ᠶᠢᠨ ᠠᠰᠢᠭᠯᠠᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠤᠰᠠᠳᠠ᠂ ᠨᠢᠭᠡᠳᠦᠭᠡᠷ ᠱᠠᠲᠤᠨ ᠤ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ ᠠᠵᠢᠯ ᠢᠶᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ︽5·1︾ ᠤ ᠳᠠᠷᠠᠭ᠎ᠠ᠂ ᠵᠢᠷᠤᠭ ᠲᠥᠯᠥᠪᠯᠡᠭᠡ ᠶᠢᠨ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠠᠬᠤᠢ ᠲᠠᠯᠠᠪᠠᠢ ᠳᠤ ᠨᠢ ᠪᠠᠶᠢᠴᠠᠭᠠᠯᠲᠠ ᠬᠢᠬᠦ᠂ ᠠᠮᠤᠷ ᠲᠦᠪᠰᠢᠨ ᠢ | ᠨᠢ ᠦᠨᠡᠯᠡᠨ ᠵᠢᠱᠢᠬᠦ ᠵᠡᠷᠭᠡ ᠶᠡᠷᠦᠩᠬᠡᠶᠢᠯᠡᠭᠰᠡᠨ ᠨᠤᠲᠠᠯᠠᠯᠲᠠ ᠬᠢᠬᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ ᠬᠤᠶᠠᠳᠤᠭᠠᠷ ᠱᠠᠲᠤᠨ ᠤ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ ᠠᠵᠢᠯ ᠢᠶᠠᠨ ᠡᠬᠢᠯᠡᠨ ᠬᠡᠷᠡᠭᠵᠢᠭᠦᠯᠪᠡ᠃ | ᠲᠣᠬᠢᠷᠠᠭᠤᠯᠤᠯᠲᠠ ᠬᠢᠵᠦ ᠳᠠᠭᠤᠰᠤᠭᠰᠠᠨ ᠤ ᠳᠠᠷᠠᠭ᠎ᠠ᠂ 120 ᠺᠢᠯᠣᠮᠧᠲᠷ / ᠴᠠᠭ ᠤᠨ ᠬᠤᠷᠳᠤᠴᠠ ᠪᠠᠷ ᠬᠢᠵᠠᠭᠠᠷᠯᠠᠬᠤ ᠲᠦᠷᠭᠡᠨ ᠤ ᠵᠠᠮ ᠨᠢ ᠪᠥᠬᠦ ᠣᠷᠣᠨ ᠤ | ᠲᠦᠷᠭᠡᠨ ᠤ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠶᠢᠨ 71% ᠶᠢ ᠡᠵᠡᠯᠡᠵᠦ᠂ 110 ᠺᠢᠯᠣᠮᠧᠲᠷ / ᠴᠠᠭ ᠠᠴᠠ ᠳᠡᠭᠡᠭᠰᠢᠬᠢ ᠬᠤᠷᠳᠤᠴᠠ ᠪᠠᠷ | ᠬᠢᠵᠠᠭᠠᠷᠯᠠᠬᠤ ᠲᠦᠷᠭᠡᠨ ᠤ ᠵᠠᠮ ᠨᠢ 6000 ᠺᠢᠯᠣᠮᠧᠲᠷ ᠢ ᠳᠠᠪᠠᠵᠤ᠂ 78% ᠠᠴᠠ ᠳᠡᠭᠡᠭᠰᠢᠬᠢ ᠶᠢ ᠡᠵᠡᠯᠡᠬᠦ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠢ ᠲᠣᠬᠢᠷᠠᠭᠤᠯᠬᠤ ᠤᠯᠤᠰ ᠤᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ᠂ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠦᠷ᠎ᠡ ᠳ᠋ᠦᠩ ᠤᠨ ᠦᠨᠡᠯᠡᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠦᠷᠨᠢᠭᠦᠯᠦᠨ᠂ ᠲᠡᠭᠡᠭᠡᠪᠦᠷᠢᠯᠡᠨ ᠡᠵᠡᠩᠨᠡᠬᠦ ᠵᠠᠰᠠᠮᠠᠯ ᠵᠠᠮ ᠤᠨ ᠠᠮᠤᠷ ᠲᠦᠪᠰᠢᠨ᠂ ᠳᠥᠭᠦᠮ ᠳᠥᠲᠡ᠂ ᠰᠠᠭᠠᠳ ᠦᠭᠡᠢ ᠨᠡᠪᠲᠡᠷᠡᠬᠦ ᠶᠢ ᠦᠨᠡᠨ | ᠬᠦ ᠪᠠᠲᠤᠯᠠᠵᠤ᠂ ᠠᠷᠠᠳ ᠣᠯᠠᠨ ᠤ ᠶᠠᠪᠤᠵᠤ ᠰᠠᠭᠤᠬᠤ ᠪᠡᠶᠡᠴᠢᠯᠡᠨ ᠣᠷᠣᠯᠴᠠᠭᠰᠠᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ | ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠨ᠎ᠠ᠃ | | | |