8 ᠳ᠋ᠣᠭᠠᠷ ᠰᠠᠷ᠎ᠠ ᠠᠴᠠ ᠡᠬᠢᠯᠡᠨ᠂ ᠤᠷᠤᠨ ᠰᠠᠭᠤᠴᠠ ᠶᠢᠨ ᠨᠠᠶᠢᠳᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠤᠪᠢ ᠬᠦᠮᠦᠨ ᠤ ᠬᠡᠷᠡᠴᠢᠯᠡᠬᠦ ᠵᠦᠢᠯᠡᠰ ᠢ ︽ᠺᠤᠳ᠋ ᠢᠶᠠᠨ ᠦᠵᠡᠬᠦᠯᠦᠭᠰᠡᠬᠡᠷ ᠬᠦᠢᠴᠡᠳᠬᠡᠵᠦ ᠪᠤᠯᠬᠤ︾᠎ ᠶᠢ ᠪᠦᠬᠦ ᠲᠠᠯ᠎ᠠ ᠪᠠᠷ ᠬᠡᠷᠡᠭᠵᠢᠬᠦᠯᠪᠡ
ᠨᠡᠶᠢᠲᠡᠯᠡᠭᠰᠡᠨ ᠴᠠᠭ᠄
2024/8/28
      ︽ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠤᠪᠢ ᠬᠦᠮᠦᠨ ᠤ ᠬᠡᠷᠡᠴᠢᠯᠡᠬᠦ ᠵᠦᠢᠯᠡᠰ ᠢ ᠨᠡᠶᠢᠳᠬᠡᠵᠦ ︿ᠺᠤᠳ᠋ ᠢᠶᠠᠨ ᠦᠵᠡᠬᠦᠯᠦᠭᠰᠡᠬᠡᠷ ᠬᠦᠢᠴᠡᠳᠬᠡᠵᠦ ᠪᠤᠯᠬᠤ﹀ ᠠᠵᠢᠯ ᠢ ᠠᠬᠢᠭᠤᠯᠬᠤ ᠲᠤᠬᠠᠢ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠶᠠᠮᠤᠨ ᠤ ᠠᠯᠪᠠᠨ ᠲᠢᠩᠭᠢᠮ ᠤᠨ ᠮᠡᠳᠡᠭᠳᠡᠯ︾᠎ ᠳᠤ᠂ ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠵᠢᠵᠢᠭ ᠫᠷᠦᠭᠷᠠᠮ ᠪᠠ ᠪᠦᠬᠦ ᠤᠯᠤᠰ ᠤᠨ ᠤᠷᠤᠨ ᠰᠠᠭᠤᠴᠠ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠢᠨᠠᠯᠳᠠ ᠬᠠᠮᠢᠶᠠᠷᠤᠯᠳᠠ ᠶᠢᠨ ᠦᠢᠯᠡᠴᠢᠯᠡᠬᠡᠨ ᠤ ᠲᠠᠪᠴᠠᠩ ᠳᠤ ᠲᠦᠰᠢᠭᠯᠡᠨ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦ ᠲᠤᠰᠢᠶᠠᠨ ᠬᠠᠳᠠᠭᠠᠯᠠᠭᠴᠢ ᠨᠢ ᠠᠵᠢᠯᠳᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ ᠬᠡᠷᠡᠴᠢ᠂ ᠤᠨᠳᠤᠤ ᠭᠠᠵᠠᠷ ᠲᠤ ᠵᠢᠬᠡᠯᠡᠯᠬᠡ ᠲᠤᠰᠢᠶᠠᠨ ᠬᠠᠳᠠᠭᠠᠯᠠᠭᠰᠠᠨ ᠬᠡᠷᠡᠴᠢ ᠪᠡ ᠵᠢᠬᠡᠯᠡᠯᠬᠡ ᠶᠢ ᠪᠤᠳᠤᠵᠤ ᠲᠠᠭᠤᠰᠬᠠᠭᠰᠠᠨ ᠬᠡᠷᠡᠴᠢ ᠵᠡᠷᠬᠡ ᠬᠤᠪᠢ ᠬᠦᠮᠦᠨ ᠤ ᠬᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ ᠬᠦᠮᠦᠨ ᠳᠤ ᠨᠢ ᠴᠠᠭ ᠲᠤᠬᠠᠢ ᠳᠤ ᠨᠢ ᠰᠦᠯᠵᠢᠶ᠎ᠡ ᠪᠠᠷ ᠭᠠᠷᠭᠠᠵᠤ ᠦᠭᠬᠦ᠂ ᠠᠷᠤ ᠲᠠᠪᠴᠠᠩ ᠳᠤ ᠠᠦ᠋ᠲ᠋ᠤ᠋ ᠪᠠᠶᠢᠴᠠᠭᠠᠨ ᠰᠢᠯᠭᠠᠬᠤ ᠵᠡᠷᠬᠡ ᠦᠢᠯᠡᠴᠢᠯᠡᠭᠡ ᠬᠠᠩᠭᠠᠵᠤ ᠪᠠᠶᠢᠵᠠᠢ᠂ ᠤᠳᠤ ᠨᠢᠬᠡᠳᠦᠯᠳᠠᠢ ︽ᠡᠯᠧᠺᠲᠷᠤᠨ ᠺᠤᠳ᠋︾᠎ ᠢᠶᠠᠷ ᠤᠤᠯ ᠤᠨ 3 ᠵᠦᠢᠯ ᠤᠨ ᠴᠠᠭᠠᠰᠤᠨ ᠬᠡᠷᠡᠴᠢ ᠶᠢ ᠤᠷᠤᠯᠠᠭᠤᠯᠵᠤ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠤᠪᠢ ᠬᠦᠮᠦᠨ ᠤ ᠬᠡᠷᠡᠴᠢᠯᠡᠬᠦ ᠵᠦᠢᠯᠡᠰ ᠢ ︽ᠺᠤᠳ᠋ ᠢᠶᠠᠨ ᠦᠵᠡᠬᠦᠯᠦᠭᠰᠡᠬᠡᠷ ᠬᠦᠢᠴᠡᠳᠬᠡᠵᠦ ᠪᠤᠯᠬᠤ︾᠎ ᠶᠢ ᠪᠡᠶᠡᠯᠡᠬᠦᠯᠦᠨ᠎ᠡ ᠬᠡᠵᠦ ᠲᠤᠷᠠᠳᠪᠠ᠃ 2024 ᠤᠨ ᠤ 8 ᠳ᠋ᠣᠭᠠᠷ ᠰᠠᠷ᠎ᠠ ᠠᠴᠠ ᠡᠬᠢᠯᠡᠨ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠬᠤᠪᠢ ᠬᠦᠮᠦᠨ ᠤ ᠬᠡᠷᠡᠴᠢᠯᠡᠬᠦ ᠵᠦᠢᠯᠡᠰ ᠢ ︽ᠺᠤᠳ᠋ ᠢᠶᠠᠨ ᠦᠵᠡᠬᠦᠯᠦᠭᠰᠡᠬᠡᠷ ᠬᠦᠢᠴᠡᠳᠬᠡᠵᠦ ᠪᠤᠯᠬᠤ︾᠎ ᠶᠢ ᠪᠦᠬᠦ ᠲᠠᠯ᠎ᠠ ᠪᠠᠷ ᠬᠡᠷᠡᠭᠵᠢᠬᠦᠯᠪᠡ᠃      ᠺᠤᠳ᠋ ᠢ ᠰᠢᠷᠪᠢᠵᠦ ᠲᠦᠷᠦ ᠶᠢᠨ ᠶᠠᠪᠤᠳᠠᠯ ᠤᠨ ᠬᠤᠷᠢᠶᠠᠨ ᠤ ᠬᠡᠷᠡᠴᠢᠯᠡᠭᠴᠢ ᠶᠢᠨ ᠵᠢᠵᠢᠭ ᠫᠷᠦᠭᠷᠠᠮ ᠳᠤ ᠤᠷᠤᠭᠠᠷᠠᠢ    【 ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦ 】᠎ ᠶᠢᠨ ᠦᠢᠯᠡᠴᠢᠯᠡᠭᠡ
828.jpg  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ