| ᠪᠣᠷᠣᠭᠠᠨ ᠤ ᠤᠰᠤ ᠨᠡᠯᠢᠶᠡᠳ ᠠᠷᠪᠢᠨ ᠦᠶ᠎ᠡ ᠳᠤ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠳᠤ ᠵᠣᠬᠢᠬᠤ ᠨᠥᠯᠥᠭᠡ ᠦᠵᠡᠭᠦᠯᠳᠡᠭ᠂ ᠭᠡᠪᠡᠴᠦ ᠴᠠᠭ | ᠠᠭᠤᠷ ᠢ ᠬᠢᠵᠠᠭᠠᠷᠯᠠᠵᠤ ᠳᠡᠶᠢᠯᠬᠦ ᠦᠭᠡᠢ᠂ ᠲᠡᠭᠡᠪᠡᠯ ᠪᠣᠷᠣᠭᠠᠨ ᠲᠠᠢ ᠡᠳᠦᠷ᠂ ᠲᠠᠬᠢᠶ᠎ᠠ ᠲᠡᠵᠢᠭᠡᠨ ᠦᠷᠡᠵᠢᠭᠦᠯᠬᠦ ᠡᠷᠦᠬᠡ ᠬᠡᠷᠬᠢᠨ ᠰᠢᠢᠳᠪᠦᠷᠢᠯᠡᠪᠡᠯ ᠵᠣᠬᠢᠬᠤ ᠪᠣᠶ ︖ | ᠪᠣᠷᠣᠭᠠᠨ ᠲᠠᠢ ᠡᠳᠦᠷ ᠲᠠᠬᠢᠶ᠎ᠠ ᠲᠡᠵᠢᠭᠡᠬᠦ ᠲᠠᠯᠠᠪᠠᠶ ᠳᠤ ᠦᠷᠭᠦᠯᠵᠢ ᠲᠣᠬᠢᠶᠠᠯᠳᠤᠳᠠᠭ ᠠᠰᠠᠭᠤᠳᠠᠯ᠄ | 1. ᠪᠣᠷᠣᠭᠠᠨ ᠣᠷᠣᠪᠠᠯ ᠲᠠᠬᠢᠶᠠᠨ ᠰᠦᠷᠦᠭ ᠲᠤ ᠲᠦᠢᠯ ᠤᠨ ᠠᠮᠠᠷᠬᠠᠨ ᠲᠠᠭᠰᠢᠭᠤᠷ ᠬᠠᠯᠳᠠᠨ᠎ᠠ᠃ | 2. ᠬᠤᠷ᠎ᠠ ᠪᠣᠷᠣᠭᠠᠨ ᠬᠡᠲᠦᠷᠬᠡᠢ ᠠᠷᠪᠢᠳᠪᠠᠯ᠂ ᠲᠠᠬᠢᠶᠠᠨ ᠰᠦᠷᠦᠭ ᠠᠮᠠᠷᠬᠠᠨ ᠪᠥᠮᠪᠥᠭᠡᠨ ᠬᠤᠷᠣᠬᠠᠢ ᠶᠢᠨ ᠡᠪᠡᠳᠴᠢᠨ ᠡᠭᠦᠰᠦᠨ᠎ᠡ᠃ | 3. ᠬᠤᠷ᠎ᠠ ᠪᠣᠷᠣᠭᠠᠨ ᠬᠡᠲᠦᠷᠬᠡᠢ ᠠᠷᠪᠢᠳᠪᠠᠯ᠂ ᠲᠠᠬᠢᠶ᠎ᠠ ᠴᠠᠴᠠᠵᠦ ᠦᠬᠦᠬᠦ ᠠᠶᠤᠯᠳᠠᠢ᠃ | 4. ᠪᠣᠷᠣᠭᠠᠨ ᠲᠠᠢ ᠡᠳᠦᠷ ᠨᠡᠯᠢᠶᠡᠳ ᠬᠦᠢᠲᠡᠨ ᠪᠤᠯᠬᠤᠷ ᠲᠠᠬᠢᠶᠠᠨ ᠰᠦᠷᠦᠭ ᠳᠠᠭᠠᠷᠠᠨ᠎ᠠ᠃ | 5. ᠲᠡᠵᠢᠭᠡᠯ ᠪᠣᠷᠳᠤᠭ᠎ᠠ ᠲᠡᠵᠢᠭᠡᠬᠦ ᠳᠤ ᠳᠥᠭᠦᠮ ᠦᠭᠡᠢ᠃ | 6. ᠠᠶᠤᠩᠭ᠎ᠠ ᠲᠠᠢ ᠡᠳᠦᠷ ᠲᠣᠬᠢᠶᠠᠯᠳᠤᠪᠠᠯ ᠲᠠᠬᠢᠶᠠᠨ ᠤ ᠰᠦᠷᠦᠭ ᠤᠨ ᠰᠡᠷᠡᠯᠵᠢᠯ ᠢ ᠠᠮᠠᠷᠬᠠᠨ ᠡᠭᠦᠰᠬᠡᠳᠡᠭ᠃ | ᠪᠣᠷᠣᠭᠠᠨ ᠲᠠᠢ ᠡᠳᠦᠷ ᠲᠠᠬᠢᠶ᠎ᠠ ᠲᠡᠵᠢᠭᠡᠬᠦ ᠲᠠᠯᠠᠪᠠᠶ ᠶᠢᠨ ᠠᠷᠭᠠᠴᠠᠬᠤ ᠠᠷᠭ᠎ᠠ ᠬᠡᠮᠵᠢᠶ᠎ᠡ᠄ | 1. ᠪᠣᠷᠣᠭᠠᠨ ᠳᠤ ᠨᠣᠷᠣᠭᠳᠠᠵᠤ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃ | 2. ᠲᠠᠬᠢᠶᠠᠨ ᠤ ᠰᠦᠷᠦᠭ ᠤᠨ ᠤᠰᠤ ᠪᠠ ᠲᠡᠵᠢᠭᠡᠯ ᠪᠣᠷᠳᠤᠭ᠎ᠠ ᠶᠢ ᠭᠦᠢᠴᠡᠳ ᠬᠠᠩᠭᠠᠬᠤ ᠶᠢ ᠪᠠᠲᠤᠯᠠᠵᠤ᠂ ᠴᠠᠭ ᠲᠤᠬᠠᠢ ᠳᠤ ᠨᠢ ᠲᠠᠬᠢᠶᠠᠨ ᠤ ᠰᠦᠷᠦᠭ ᠤᠨ | ᠲᠡᠵᠢᠭᠡᠯ ᠪᠣᠷᠳᠤᠭ᠎ᠠ ᠪᠠ ᠤᠰᠤ ᠤᠮᠳᠠ ᠶᠢ ᠨᠡᠮᠡᠭᠳᠡᠭᠦᠯᠬᠦ ᠨᠢ ᠲᠠᠬᠢᠶᠠᠨ ᠤ ᠰᠦᠷᠦᠭ ᠤᠨ ᠭᠠᠵᠠᠷ ᠳᠡᠭᠡᠷᠡᠬᠢ ᠤᠰᠤᠨ ᠰᠤᠪᠠᠭ ᠲᠠᠬᠢ ᠤᠰᠤ ᠶᠢ ᠠᠯᠢ ᠴᠢᠳᠠᠬᠤ ᠪᠠᠷ | ᠤᠤᠭᠤᠬᠤ ᠠᠴᠠ ᠵᠠᠶᠢᠯᠠᠰᠬᠢᠯᠭᠡᠬᠦ ᠶᠢᠨ ᠲᠥᠯᠥᠭᠡ ᠶᠤᠮ᠂ ᠭᠤᠣᠯᠳᠠᠭᠤ ᠲᠠᠬᠢᠶᠠᠨ ᠤ ᠰᠦᠷᠦᠭ ᠤᠨ ᠴᠡᠪᠡᠷ ᠤᠰᠤ ᠪᠠ ᠢᠳᠡᠰᠢ ᠶᠢ ᠪᠠᠲᠤᠯᠠᠬᠤ ᠶᠢᠨ ᠲᠥᠯᠥᠭᠡ ᠶᠤᠮ᠃ | 3. ᠬᠢᠵᠢᠭ ᠢ ᠰᠡᠷᠭᠡᠶᠢᠯᠡᠬᠦ ᠠᠵᠢᠯ ᠢ ᠤᠷᠢᠳᠴᠢᠯᠠᠨ ᠬᠢᠵᠦ᠂ ᠪᠣᠷᠣᠭᠠᠨ ᠲᠠᠢ ᠡᠳᠦᠷ ᠢ ᠤᠷᠢᠳᠴᠢᠯᠠᠨ ᠮᠡᠳᠡᠵᠦ᠂ ᠲᠠᠬᠢᠶᠠᠨ ᠤ ᠰᠦᠷᠦᠭ ᠲᠤ ᠸᠢᠷᠦ᠋ᠰ ᠢ | ᠰᠡᠷᠭᠡᠶᠢᠯᠡᠬᠦ ᠡᠮ ᠢ ᠤᠷᠢᠳᠴᠢᠯᠠᠨ ᠤᠤᠭᠤᠯᠭᠠᠨ᠎ᠠ᠃ | 4. ᠪᠣᠷᠣᠭᠠᠨ ᠣᠷᠣᠭᠰᠠᠨ ᠤ ᠳᠠᠷᠠᠭ᠎ᠠ᠂ ᠪᠠᠭ᠎ᠠ ᠰᠠᠭ᠎ᠠ ᠭᠡᠳᠡᠰᠦᠨ ᠤ ᠡᠮ ᠪᠠ ᠪᠤᠯᠴᠢᠷᠬᠠᠢ ᠬᠤᠳᠣᠭᠤᠳᠤᠨ ᠤ ᠦᠷᠪᠢᠰᠦᠯ ᠢ ᠰᠡᠷᠭᠡᠶᠢᠯᠡᠬᠦ ᠡᠮ ᠢ ᠬᠡᠷᠡᠭᠯᠡᠨ᠎ᠡ᠂ | ᠤᠴᠢᠷ ᠨᠢ ᠴᠠᠭ ᠠᠭᠤᠷ ᠴᠢᠭᠢᠭᠯᠢᠭ ᠪᠣᠯ ᠲᠡᠵᠢᠭᠡᠯ ᠪᠣᠷᠳᠤᠭ᠎ᠠ ᠠᠮᠠᠷᠬᠠᠨ ᠸᠠᠯᠠᠵᠤ᠂ ᠪᠤᠯᠴᠢᠷᠬᠠᠢ ᠬᠤᠳᠣᠭᠤᠳᠤᠨ ᠤ ᠦᠷᠪᠢᠰᠦᠯ ᠪᠠ ᠨᠠᠷᠢᠨ ᠭᠡᠳᠡᠰᠦᠨ ᠤ ᠪᠥᠮᠪᠥᠭᠡᠨ | ᠬᠤᠷᠣᠬᠠᠢ ᠳᠤ ᠠᠮᠠᠷᠬᠠᠨ ᠨᠡᠷᠪᠡᠭᠳᠡᠨ᠎ᠡ᠃ | 5. ᠳᠤᠯᠠᠭᠠᠨ ᠢ ᠬᠠᠮᠠᠭᠠᠯᠠᠬᠤ ᠶᠢ ᠠᠩᠬᠠᠷᠴᠤ᠂ ᠲᠠᠬᠢᠶᠠᠨ ᠰᠦᠷᠦᠭ ᠤᠨ ᠣᠪᠣᠭᠠᠷᠠᠵᠤ ᠳᠠᠷᠤᠭᠳᠠᠵᠤ ᠦᠬᠦᠬᠦ ᠠᠴᠠ ᠰᠡᠷᠭᠡᠶᠢᠯᠡᠨ᠎ᠡ᠃ | 6. ᠸᠢᠲ᠋ᠠᠮᠢᠨ C ᠢ ᠤᠷᠢᠳᠴᠢᠯᠠᠨ ᠤᠤᠭᠤᠯᠭᠠᠵᠤ᠂ ᠠᠶᠤᠩᠭ᠎ᠠ ᠳᠤᠤᠭᠠᠷᠬᠤ ᠦᠶ᠎ᠡ ᠶᠢᠨ ᠰᠡᠷᠡᠯᠵᠢᠯ ᠠᠴᠠ ᠵᠠᠶᠢᠯᠠᠰᠬᠢᠵᠦ᠂ ᠰᠥᠨᠢ ᠴᠠᠬᠢᠯᠭᠠᠨ ᠵᠣᠭᠰᠣᠪᠠᠯ | ᠴᠠᠭ ᠲᠤᠬᠠᠢ ᠳᠤ ᠨᠢ ᠭᠡᠷᠡᠯᠲᠦᠭᠦᠯᠦᠨ᠎ᠡ᠃ | 7. ᠪᠣᠷᠣᠭᠠᠨ ᠲᠣᠩ ᠶᠡᠭᠡ ᠪᠣᠯ ᠲᠠᠬᠢᠶᠠᠨ ᠰᠦᠷᠦᠭ ᠭᠠᠷᠭᠠᠬᠤ ᠦᠭᠡᠢ᠂ ᠭᠡᠪᠡᠴᠦ ᠰᠠᠯᠬᠢ ᠵᠢᠪᠠᠷ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ᠃ | |